ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠣᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠪᠠᠨ ᠴᠢᠩᠭᠠᠳᠬᠠᠨ᠎ᠠ
ᠨᠡᠶᠢᠲᠡᠯᠡᠭᠰᠡᠨ ᠴᠠᠭ᠄
2025/2/12
  2024 ᠤᠨ ᠳᠤ᠂  ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ ᠪᠦᠯᠬᠦᠮᠳᠡᠯ ᠨᠥᠬᠦᠷᠯᠡᠯ ᠢ ᠭᠦᠨᠵᠡᠭᠡᠶᠢᠷᠡᠭᠦᠯᠦᠨ ᠥᠷᠭᠡᠳᠬᠡᠵᠦ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ᠂ ᠰᠢᠨ᠎ᠡ ᠨᠡᠶᠢᠭᠡᠮ ‍ᠤᠨ‌‍ᠲ᠋ᠠᠪᠬᠤᠷᠭ᠎ᠠ ᠶᠢᠨ ᠬᠥᠮᠦᠰ ᠯᠦᠭᠡ ᠶᠢᠨ ᠬᠠᠷᠢᠯᠴᠠᠭ᠎ᠠ ᠪᠠᠨ ᠤᠯᠠᠮ ᠨᠢᠬᠳᠠᠷᠠᠭᠤᠯᠤᠭᠰᠠᠨ ᠪᠠᠶᠢᠨ᠎ᠠ᠃ ᠲᠡᠷᠢᠭᠦᠯᠡᠭᠴᠢ ᠶᠢᠨ ᠬᠤᠷᠠᠯ ᠠᠴᠠ ︽ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠬᠦᠳ ᠨᠢ ᠨᠠᠮ ᠤᠨ ᠭᠡᠰᠢᠭᠦᠨ ᠭᠠᠷᠤᠯ ᠲᠠᠢ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ ᠨᠠᠮ ᠪᠦᠯᠦᠭ ᠤᠨ ᠪᠤᠰᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ ᠱᠠᠰᠢᠨ ᠰᠤᠷᠲᠠᠬᠤᠨ ᠤ ᠡᠲᠡᠭᠡᠳ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠲᠠᠢ ᠬᠠᠷᠢᠯᠴᠠᠬᠤ ᠪᠠ ᠨᠠᠮ ᠤᠨ ᠭᠡᠰᠢᠭᠦᠨ ᠭᠠᠷᠤᠯ ᠲᠠᠢ ᠭᠡᠰᠢᠭᠦᠳ ᠨᠢ ᠨᠠᠮ ᠤᠨ ᠭᠠᠳᠠᠨᠠᠬᠢ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠲᠠᠢ ᠬᠠᠷᠢᠯᠴᠠᠬᠤ ᠠᠷᠭ᠎ᠠ︾  ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠯᠴᠠᠬᠤ ᠲᠦᠷᠢᠮ︾ ᠵᠡᠷᠭᠡ ᠳᠤ ᠵᠠᠰᠠᠪᠤᠷᠢ ᠣᠷᠣᠭᠤᠯᠵᠤ᠂ ᠬᠠᠷᠢᠯᠴᠠᠵᠤ ᠬᠤᠯᠪᠤᠭᠳᠠᠬᠤ᠂ ᠬᠠᠮᠲᠤᠷᠠᠨ ᠠᠵᠢᠯᠯᠠᠬᠤ ᠠᠵᠢᠯᠯᠠᠭ᠎ᠠ ᠶᠢ ᠪᠠᠶᠢᠩᠭᠤᠵᠢᠭᠤᠯᠤᠨ  ᠠᠬᠢᠭᠤᠯᠵᠠᠢ᠃ ︽ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠡᠯ᠎ᠡ ᠡᠲᠡᠭᠡᠳ ᠤᠨ ᠤᠯᠠᠨ ᠲᠦᠮᠡᠨ ᠲᠠᠢ ᠬᠠᠷᠢᠯᠴᠠᠵᠤ ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭᠠᠨ ᠤ ᠬᠡᠷᠡᠭᠵᠢᠭᠦᠯᠬᠦ ᠰᠠᠨᠠᠯ︾᠎ ᠢ ᠰᠤᠳᠤᠯᠤᠨ ᠲᠤᠭᠳᠠᠭᠠᠵᠤ᠂ ᠡᠯ᠎ᠡ ᠡᠲᠡᠭᠡᠳ ᠤᠨ ᠭᠡᠰᠢᠭᠦᠳ ᠲᠠᠢ ᠬᠠᠷᠢᠯᠴᠠᠭ᠎ᠠ ᠨᠡᠪᠳᠡᠷᠡᠯᠴᠡᠭᠡ ᠪᠠᠨ ᠴᠢᠩᠭᠠᠳᠬᠠᠨ᠂ ᠨᠠᠮ ᠤᠨ ᠲᠤᠳᠤᠷ᠎ᠠ ᠠᠴᠠ ᠨᠠᠮ ᠤᠨ ᠭᠠᠳᠠᠨ᠎ᠠ ᠬᠦᠷᠳᠡᠯᠡᠬᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠠᠴᠠ ᠡᠯ᠎ᠡ ᠡᠲᠡᠭᠡᠳ ᠤᠨ ᠤᠯᠠᠨ ᠲᠦᠮᠡᠨ ᠬᠦᠷᠳᠡᠯᠡᠬᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠰᠢᠨ᠎ᠡ ᠪᠠᠶᠢᠷᠢᠰᠢᠯ ᠢ ᠪᠠᠶᠢᠭᠤᠯᠪᠠ᠃ ᠭᠦᠨᠪᠤᠯᠠᠭ ᠰᠤᠮᠤᠨ ᠤ ᠭᠡᠷᠡᠯᠳᠦ ᠭᠠᠴᠠᠭᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠲᠠᠶᠢᠯᠤᠮᠵᠢ ᠪᠠ ᠶᠠᠷᠢᠯᠴᠠᠯᠭ᠎ᠠ ᠶᠢᠨ ᠬᠤᠷᠠᠯ ᠢ ᠬᠢᠵᠡᠢ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠬᠠᠮᠢᠶᠠᠳᠠᠢ ᠰᠠᠨᠠᠯ ᠳᠤᠷᠠᠳᠤᠯᠭ᠎ᠠ ᠶᠢ ᠲᠡᠪᠰᠢᠬᠦᠯᠬᠦ ᠲᠤᠬᠠᠢ ᠮᠡᠳᠡᠭᠳᠡᠯ︾᠎ ᠢ  ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠶᠢ ᠤᠯᠤᠰ ᠲᠦᠷᠦ ᠶᠢᠨ ᠵᠥᠪᠯᠡᠯᠭᠡᠨ ᠤ ᠪᠦᠬᠦᠶᠢᠯᠡ  ᠠᠵᠢᠯ ᠎ ᠤᠨ ᠶᠠᠪᠤᠴᠠ ᠳᠤ ᠠᠭᠤᠰᠤᠯᠴᠠᠭᠤᠯᠤᠨ᠂  ᠬᠤᠯᠪᠣᠭᠳᠠᠯ ᠪᠦᠬᠦᠢ ᠰᠠᠨᠠᠯ ᠳᠤᠷᠠᠳᠤᠯᠭ᠎ᠠ ᠶᠢ 11 ᠬᠤᠪᠢ ᠴᠤᠭᠯᠠᠭᠤᠯᠤᠭᠰᠠᠨ ᠪᠠᠶᠢᠨ᠎ᠠ᠃ ᠭᠡᠰᠢᠭᠦᠳ ᠤᠨ ᠠᠵᠢᠯᠯᠠᠬᠤ ᠲᠠᠰᠤᠭ ᠵᠡᠷᠭᠡ ᠲᠠᠪᠴᠠᠩ ᠳᠤ ᠲᠦᠰᠢᠭᠯᠡᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠢ ᠴᠢᠬᠤᠯᠠ ᠥᠭᠦᠯᠡᠯᠲᠡ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠦ᠂ ᠶᠡᠷᠦᠩᠬᠡᠢ ᠱᠦᠵᠢ ᠶᠢᠨ ᠦᠵᠡᠯ ᠰᠠᠨᠠᠭ᠎ᠠ ᠪᠠ ᠴᠢᠬᠤᠯᠠ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠡᠲᠡᠭᠡᠳ ᠤᠨ ᠬᠦᠮᠦᠰ ᠲᠤ   ᠤᠯᠠᠮᠵᠢᠯᠠᠨ ᠲᠠᠮᠵᠢᠭᠤᠯᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠵᠦ᠂ ᠠᠷᠠᠳ ᠤᠨ ᠰᠡᠳᠬᠢᠯ ᠢ ᠤᠯᠠᠮ ᠴᠢᠨᠠᠭᠰᠢᠳᠠ ᠨᠢᠬᠳᠠᠷᠠᠭᠤᠯᠪᠠ᠃ ︽ᠣᠴᠢ︾ ᠬᠠᠶᠢᠷ᠎ᠠ ᠬᠠᠯᠠᠮᠵᠢ ᠶᠢᠨ ᠨᠡᠶᠢᠭᠡᠮᠯᠢᠭ ᠲᠠᠢ ᠬᠠᠮᠳᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ︾᠎ ᠪᠠᠷ ᠭᠤᠣᠯ ᠰᠡᠳᠦᠪ ᠪᠤᠯᠭᠠᠭᠰᠠᠨ  ᠨᠥᠬᠦᠷᠯᠡᠯ ᠤᠨ ᠠᠵᠢᠯᠯᠠᠭ᠎ᠠ ᠶᠢ ᠦᠷᠨᠢᠬᠦᠯᠦᠭᠰᠡᠨ ᠪᠦᠭᠡᠳ ᠲᠡᠦᠬᠡ ᠪᠠᠷ ᠰᠡᠳᠬᠢᠯ ᠎ ᠢ ᠨᠢᠬᠳᠠᠷᠠᠭᠤᠯᠬᠤ᠂ ᠰᠣᠶᠣᠯ ᠢᠶᠠᠷ ᠬᠦᠴᠦᠨ ᠢ ᠲᠦᠪᠯᠡᠷᠡᠬᠦᠯᠬᠦ ᠶᠢ ᠠᠬᠢᠭᠤᠯᠵᠤ᠂  ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠤ ᠰᠣᠶᠣᠯ ᠲᠡᠦᠬᠡ ᠶᠢᠨ ᠤᠷᠳᠤᠨ ᠳᠠᠬᠢ ᠤᠯᠤᠰ ᠲᠦᠷᠦ ᠶᠢᠨ ᠵᠥᠪᠯᠡᠯᠭᠡᠨ ᠤ ᠦᠵᠡᠰᠬᠦᠯᠡᠩ ᠢ ᠠᠰᠢᠭᠯᠠᠯᠲᠠ ᠳᠤ ᠣᠷᠣᠭᠤᠯᠵᠤ᠂ ᠰᠤᠶᠤᠯ ᠲᠡᠦᠭᠡ ᠶᠢᠨ ᠤᠷᠳᠤᠨ ᠤ ︽ᠲᠡᠦᠬᠡ ᠶᠢ ᠬᠠᠳᠠᠭᠠᠯᠠᠬᠤ᠂ ᠵᠠᠰᠠᠭ ᠲᠤ ᠲᠤᠰᠠᠯᠠᠬᠤ᠂ ᠤᠯᠠᠨ ᠢ ᠪᠦᠯᠬᠦᠮᠳᠡᠬᠦᠯᠬᠦ᠂ ᠬᠥᠮᠦᠨ ᠢ ᠬᠥᠮᠦᠵᠢᠭᠦᠯᠬᠦ︾ ᠴᠢᠬᠤᠯᠠ ᠦᠢᠯᠡᠳᠦᠯ ᠢ ᠤᠯᠠᠮ ᠰᠠᠶᠢᠨ ᠪᠠᠳᠠᠷᠠᠭᠤᠯᠤᠭᠰᠠᠨ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠶᠠᠪᠤᠴᠠ ᠳᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠢᠳᠡᠪᠬᠢᠳᠡᠢ ᠦᠢᠯᠡᠳᠦᠯ ᠢ ᠪᠠᠳᠠᠷᠠᠭᠤᠯᠪᠠ᠃ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠲᠠᠯ᠎ᠠ ᠠᠴᠠ  ᠰᠢᠢᠳᠪᠦᠷᠢᠯᠡᠬᠦ ᠠᠵᠢᠯ ᠢ ᠭᠦᠨᠵᠡᠭᠡᠶ ᠠᠬᠢᠭᠤᠯᠵᠤ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠶᠡᠳᠡᠭᠦᠯᠬᠦ ᠲᠠᠰᠤᠭ ᠢ ᠪᠠᠶᠢᠭᠤᠯᠤᠨ᠂ 15 ᠨᠡᠷ᠎ᠡ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 73 ᠤᠳᠠᠭᠠᠨ ᠤ ᠬᠡᠷᠡᠭ ᠤᠨ ᠡᠶᠡᠳᠡᠬᠦᠯᠭᠡ ᠳᠤ ᠤᠷᠤᠯᠴᠠᠵᠤ  ᠂ 63 ᠬᠡᠷᠡᠭ ᠢ ᠠᠮᠵᠢᠯᠲᠠ ᠲᠠᠢ ᠡᠶᠡᠳᠡᠬᠦᠯᠦᠭᠡᠳ᠂  ᠬᠠᠤᠯᠢ ᠴᠠᠭᠠᠵᠠ ᠶᠢᠨ ᠡᠬᠢ ᠪᠠᠶᠠᠯᠢᠭ ᠢ ᠠᠷᠪᠢᠯᠠᠬᠤ᠂ ᠠᠷᠠᠳ ᠣᠯᠠᠨ ᠤ ᠵᠠᠷᠭᠤ ᠶᠢᠨ ᠳᠠᠷᠤᠭᠠᠰᠤ ᠶᠢ ᠬᠥᠩᠭᠡᠷᠡᠭᠦᠯᠬᠦ᠂ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠢᠳᠡᠪᠬᠢᠲᠡᠶ ᠦᠢᠯᠡᠳᠦᠯ ᠭᠠᠷᠭᠠᠵᠠᠢ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠵᠠᠬᠢᠳᠠᠯ ᠰᠤᠷᠪᠤᠯᠵᠢᠯᠠᠭ᠎ᠠ ᠣᠷᠣᠯᠠᠨ ᠭᠦᠢᠴᠡᠳᠭᠡᠬᠦ ᠠᠵᠢᠯ ᠢ ᠠᠬᠢᠭᠤᠯᠵᠤ᠂ 13 ᠨᠡᠷ᠎ᠡ ᠤᠯᠤᠰ ᠲᠥᠷᠥ ᠶᠢᠨ ᠵᠥᠪᠯᠡᠯᠭᠡᠨ ᠤ ᠭᠡᠰᠢᠬᠦᠳ 8 ᠤᠳᠠᠭᠠᠨ ᠤ ᠵᠠᠬᠢᠳᠠᠯ ᠰᠤᠷᠪᠤᠯᠵᠢᠯᠠᠭ᠎ᠠ ᠣᠷᠣᠯᠠᠨ ᠭᠦᠢᠴᠡᠳᠭᠡᠬᠦ ᠠᠵᠢᠯ ᠳᠤ ᠤᠷᠤᠯᠴᠠᠭᠠᠳ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠪᠠ ᠵᠥᠷᠢᠴᠡᠯ ᠵᠢᠭᠤᠷᠠᠭᠠᠨ ᠢᠶᠠᠨ ᠠᠷᠢᠯᠭᠠᠬᠤ ᠳᠤ ᠪᠠᠲᠤ ᠪᠠᠬᠢ ᠬᠥᠭᠦᠷᠭᠡ ᠲᠠᠯᠪᠢᠵᠤ᠂ ᠠᠷᠠᠳ ᠤᠨ ᠰᠠᠨᠠᠭ᠎ᠠ ᠶᠢ ᠨᠠᠩ ᠰᠢᠭᠤᠳ ᠢᠶᠠᠷ ᠲᠤᠰᠬᠠᠨ᠂ ᠵᠥᠷᠢᠴᠡᠯ ᠵᠢᠭᠤᠷᠠᠭᠠᠨ ᠢ ᠨᠠᠩ  ᠪᠦᠲᠦᠮᠵᠢᠲᠡᠶ ᠰᠢᠢᠳᠪᠦᠷᠢᠯᠡᠭᠰᠡᠨ ᠪᠠᠶᠢᠨ᠎ᠠ  ᠃
 
ᠢᠷᠡᠯᠲᠡ᠄ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号