2025 ᠤᠨ ᠳᠤ᠂ ᠲᠠᠶᠢᠹᠤᠰᠧ ᠬᠤᠰᠢᠭᠤᠨ ᠤ ᠬᠢᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ ᠤ | ᠦᠢᠯᠡᠳᠭᠡᠯ ᠤᠨ ᠦᠢᠯᠡᠰ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠲᠠᠶᠢᠴᠢᠯᠠᠨ᠂ ᠳᠤᠮᠳᠠᠳᠤ ᠤᠯᠤᠰ ᠤᠨ | ᠵᠦᠩ ᠵᠢᠶᠤᠤ ᠲᠢᠶᠠᠨ ᠾᠧ ᠣᠶᠤᠨᠴᠢ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ | ᠪᠠᠶᠢᠭᠤᠯᠤᠯᠳᠠ ᠶᠢ ᠠᠬᠢᠭᠤᠯᠵᠤ᠂ ᠪᠤᠤᠴᠠᠩ ᠠᠵᠤ ᠦᠢᠯᠡᠳᠪᠦᠷᠢ ᠶᠢᠨ ᠬᠦᠷᠢᠶᠡᠯᠡᠩ ᠤᠨ ᠪᠣᠬᠢᠷᠲᠤᠯ ᠥᠬᠡᠶ | ᠴᠠᠬᠢᠯᠭᠠᠨ ᠤ ᠲᠥᠷᠥᠯ ᠵᠦᠢᠯ ᠤᠨ ᠲᠣᠤᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠬᠦᠯᠦᠨ᠎ᠡ᠃ ᠥᠪᠥᠷ | ᠮᠣᠩᠭᠤᠯ ᠤᠨ ᠮᠢ ᠭᠧ ᠭᠤᠮ ᠦᠢᠯᠡᠳᠬᠦᠨ᠂ ᠮᠧᠩ ᠰᠢᠨ ᠵᠢᠩ ᠰᠢᠨ ᠴᠠᠬᠢᠭᠤᠷ ᠲᠡᠮᠦᠷ᠂ ᠲᠢᠶᠠᠨ ᠷᠦᠨ ᠰᠢᠨ | ᠰᠢᠨ᠎ᠡ ᠡᠨᠧᠷᠬᠢ ᠵᠢᠴᠢ ᠤᠯᠠᠭᠠᠨᠴᠠᠪ ᠤᠨ ᠬᠤᠸᠠᠳᠧ ᠠᠴᠠ ᠰᠢᠯᠢ ᠶᠢᠨ ᠭᠤᠣᠯ ᠠᠶᠢᠮᠠᠭ ᠤᠨ ᠳᠣᠯᠣᠨ ᠨᠠᠭᠤᠷ ᠬᠦᠷᠬᠦ | ᠰᠢᠲᠠᠮᠠᠬᠠᠢ ᠬᠡᠢ ᠶᠢᠨ ᠬᠤᠭᠤᠯᠠᠢ ᠶᠢᠨ ᠲᠠᠶᠢᠹᠤᠰᠧ ᠬᠤᠰᠢᠭᠤᠨ ᠤ ᠬᠡᠰᠡᠭ ᠵᠡᠷᠭᠡ ᠲᠥᠷᠥᠯ ᠵᠦᠢᠯ ᠤᠨ | ᠪᠠᠶᠢᠭᠤᠯᠤᠯᠳᠠ ᠶᠢ ᠭᠤᠣᠯᠳᠠᠯᠭ᠎ᠠ ᠲᠠᠢ ᠠᠬᠢᠭᠤᠯᠵᠤ᠂ ᠵᠦᠩ ᠾᠧ ᠪᠦᠯᠦᠭᠯᠡᠯ ᠂ ᠺᠠᠢ ᠳ᠋ᠠ ᠪᠦᠯᠦᠭᠯᠡᠯ ᠤᠨ ᠬᠠᠮᠢᠶ᠎ᠠ | ᠪᠦᠬᠦᠢ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠨ᠎ᠠ᠃ ᠰᠢᠨ᠎ᠡ ᠨᠢᠭᠡᠨ ᠡᠭᠡᠯᠵᠢ ᠶᠢᠨ | ᠠᠭᠤᠷᠬᠠᠶ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠠᠵᠢᠯᠯᠠᠭᠠᠨ ᠤ ᠲᠤᠮᠳᠠ ᠦᠷᠭᠦᠯᠵᠢᠯᠡᠨ | ᠬᠦᠴᠦᠯᠡᠵᠦ᠂ ᠹᠧᠩ ᠲᠠᠢ ᠠᠭᠤᠷᠬᠠᠶ ᠶᠢᠨ ᠦᠢᠯᠡᠰ ᠤᠨ ᠥᠷᠭᠡᠳᠬᠡᠨ ᠪᠠᠶᠢᠭᠤᠯᠬᠤ ᠢᠨᠵᠧᠨᠧᠷᠢᠩ᠂ ᠸᠠᠩ ᠵᠢᠶᠠ | ᠶᠢᠩᠽᠢ ᠠᠭᠤᠷᠬᠠᠶ ᠶᠢᠨ ᠣᠷᠣᠨ ᠤ ᠣᠯᠠᠨ ᠲᠡᠮᠦᠷᠯᠢᠭᠳᠦ ᠠᠭᠤᠷᠬᠠᠶ ᠶᠢᠨ ᠲᠥᠷᠥᠯ ᠵᠦᠢᠯ ᠤᠨ ᠪᠠᠶᠢᠭᠤᠯᠤᠯᠲᠠ ᠶᠢ | ᠢᠳᠡᠪᠬᠢᠲᠡᠶ ᠠᠬᠢᠭᠤᠯᠤᠨ᠂ ᠠᠭᠤᠷᠬᠠᠶ ᠶᠢᠨ ᠦᠢᠯᠡᠰ ᠤᠨ ᠨᠡᠭᠡᠭᠡᠯᠲᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ | ᠭᠠᠷᠭᠠᠬᠤ ᠪᠠᠷ ᠴᠢᠷᠮᠠᠶᠢᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠴᠠᠬᠢᠯᠭᠠᠨ ᠵᠠᠮ | ᠲᠤᠯᠠᠭᠠᠯᠠᠭ᠎ᠠ ᠵᠡᠷᠭᠡ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠯᠠ | ᠪᠠᠶᠢᠭ᠎ᠠ ᠭᠠᠵᠠᠷ ᠰᠢᠷᠣᠶ ᠶᠢ ᠴᠡᠪᠡᠷᠯᠡᠨ᠂ ᠣᠷᠣᠨ ᠵᠠᠶ ᠶᠢ ᠤᠯᠠᠮ ᠦᠷᠭᠡᠳᠭᠡᠵᠦ᠂ ᠲᠥᠷᠥᠯ ᠵᠦᠢᠯ ᠢ | ᠨᠠᠶᠢᠳᠠᠪᠤᠷᠢᠵᠢᠭᠤᠯᠬᠤ ᠬᠦᠴᠦᠨ ᠵᠦᠢᠯ ᠤᠨ ᠪᠠᠳᠤᠯᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ |