2025 ᠤᠨ ᠳᠤ᠂ ᠲᠠᠶᠢᠹᠤᠰᠧ ᠬᠤᠰᠢᠭᠤᠨ ᠤ ᠬᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ | ᠪᠥᠬᠦ ᠣᠷᠣᠨ ᠪᠦᠰᠡ ᠶᠢᠨ ᠳᠥᠷᠪᠡᠨ ᠤᠯᠠᠷᠢᠯ ᠤᠨ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠬᠠᠨ᠎ᠠ ᠬᠠᠳᠠ ᠶᠢᠨ ᠵᠢᠭᠤᠯᠴᠢᠯᠠᠯ ᠤᠨ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠬᠠᠭᠠᠨ ᠤ ᠠᠳᠤᠭᠤᠨ ᠵᠤᠰᠠᠭᠠᠯ ᠢ 5A ᠲᠠᠰ ᠤᠨ ᠦᠵᠡᠮᠵᠢ ᠶᠢᠨ ᠣᠷᠣᠨ ᠪᠤᠯᠭᠠᠵᠤ ᠡᠭᠦᠳᠦᠨ | ᠪᠠᠶᠢᠭᠤᠯᠬᠤ ᠠᠵᠢᠯ ᠢ ᠠᠬᠢᠭᠤᠯᠤᠨ᠂ ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ᠂ ᠳ᠋ᠦᠩ ᠵᠢᠶᠤᠤ ᠪᠡᠶ᠎ᠡ | ᠴᠢᠭᠢᠷᠠᠭᠵᠢᠭᠤᠯᠬᠤ ᠠᠵᠢᠯᠯᠠᠭᠠᠨ ᠤ ᠲᠥᠪ ᠵᠡᠷᠭᠡ ᠲᠥᠷᠥᠯ ᠵᠦᠢᠯ ᠢ ᠠᠰᠢᠭᠯᠠᠯᠲᠠ ᠳᠤ ᠤᠷᠤᠭᠤᠯᠬᠤ ᠪᠠᠷ ᠪᠠᠶᠢᠨ᠎ᠠ᠃ | ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠴᠡᠭ ᠢ ᠡᠭᠦᠳᠦᠨ ᠪᠠᠶᠢᠭᠤᠯᠬᠤ | ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠣᠳᠣᠨ ᠲᠠᠰ ᠤᠨ ᠮᠠᠯᠴᠢᠨ ᠠᠶᠢᠯ ᠤᠨ ᠵᠢᠭᠤᠯᠴᠢᠯᠠᠯ ᠢ ᠤᠯᠤᠰ ᠤᠨ | ᠲᠠᠰ ᠤᠨ ᠠᠶᠢᠯ ᠭᠡᠷ ᠤᠨ ᠬᠡᠯᠪᠡᠷᠢᠳᠦ ᠵᠢᠭᠤᠯᠴᠢᠯᠠᠯ ᠵᠦᠭ ᠲᠠᠰ ᠳᠡᠪᠰᠢᠭᠦᠯᠦᠨ ᠪᠠᠶᠢᠭᠤᠯᠬᠤ ᠶᠢ ᠠᠬᠢᠭᠤᠯᠬᠤ ᠶᠢᠨ | ᠬᠠᠮᠳᠤ᠂ ︽ᠠᠯᠮᠠᠰ ᠤᠨ ᠪᠠᠯᠭᠠᠰᠤ · ᠲᠠᠶᠢᠪᠤᠰᠧ ᠬᠤᠰᠢᠭᠤ︾ ᠨᠡᠷᠡᠲᠦ ᠲᠡᠮᠳᠡᠭ ᠢ ᠠᠯᠳᠠᠷᠰᠢᠭᠤᠯᠵᠤ᠂ ︽ | ᠳᠤᠮᠳᠠᠳᠤ ᠤᠯᠤᠰ ᠤᠨ ᠬᠠᠭᠠᠨ ᠤ ᠠᠳᠤᠭᠤᠨ ᠰᠣᠶᠣᠯ ᠤᠨ ᠨᠤᠲᠤᠭ︾ ᠤᠨ ᠨᠡᠷᠡᠲᠦ ᠲᠡᠮᠳᠡᠭ ᠢ ᠲᠡᠯᠭᠡᠷᠡᠬᠦᠯᠦᠨ᠂ ︽ | ᠪᠤᠤᠴᠠᠩ ᠳᠤ ᠬᠦᠷᠴᠦ ᠰᠢᠨᠡᠯᠡᠶ᠎ᠡ︾ ᠰᠦᠮ᠎ᠡ ᠶᠢᠨ ᠴᠤᠭᠯᠠᠭᠠᠨ᠂ ᠴᠠᠨ᠎ᠠ ᠴᠡᠴᠡᠭ ᠰᠣᠨᠢᠷᠬᠠᠬᠤ ᠴᠤᠭᠯᠠᠭᠠᠨ᠂ | ᠮᠠᠰᠢᠨ ᠮᠤᠲ᠋ᠤᠷ ᠢᠶᠠᠷ ᠲᠠᠯ᠎ᠠ ᠨᠤᠲᠤᠭ ᠢ ᠲᠤᠭᠤᠯᠬᠤ ᠬᠦᠳᠡᠯᠭᠡᠭᠡᠨ᠂ ᠮᠣᠩᠭᠤᠯ ᠮᠣᠷᠢᠨ ᠤ ᠬᠤᠯᠪᠤᠭᠠᠳᠤ | ᠤᠷᠤᠯᠳᠤᠭᠠᠨ᠂ ᠲᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠬᠡᠮᠯᠢᠭ ᠤᠨ ᠮᠤᠷᠢᠨ ᠤᠷᠤᠯᠳᠤᠭᠠᠨ ᠵᠡᠷᠭᠡ | ᠰᠣᠶᠣᠯ ᠵᠢᠭᠤᠯᠴᠢᠯᠠᠯ ᠤᠨ ᠬᠦᠳᠡᠯᠪᠦᠷᠢ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠠᠵᠤ ᠦᠢᠯᠡᠳᠪᠦᠷᠢ ᠶᠢᠨ | ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠡᠷᠡᠭᠦᠯᠵᠢᠯ | ᠰᠤᠪᠢᠯᠠᠯᠲᠠ ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠢ ᠢᠳᠡᠪᠬᠢᠲᠡᠶ ᠬᠦᠭᠵᠢᠬᠦᠯᠦᠨ᠂ ᠨᠢᠭᠡ | ᠪᠦᠯᠦᠭ ᠬᠤᠪᠢᠰᠬᠠᠯᠲᠤ ᠵᠢᠭᠤᠯᠴᠢᠯᠠᠯ ᠤᠨ ᠵᠠᠮ ᠱᠤᠭᠤᠮ ᠪᠠ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ | ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠪᠠᠷ | ᠪᠠᠶᠢᠨ᠎ᠠ᠃ ᠡᠬᠦᠨ ᠤ ᠬᠠᠮᠳᠤ᠂ ᠬᠡᠷᠡᠭᠯᠡᠭᠡ ᠶᠢ ᠠᠬᠢᠭᠤᠯᠤᠨ ᠲᠠᠰ ᠳᠡᠪᠰᠢᠭᠦᠯᠬᠦ ᠠᠵᠢᠯᠯᠠᠭ᠎ᠠ ᠶᠢ ᠶᠡᠬᠡᠪᠡᠷ ᠦᠷᠨᠢᠬᠦᠯᠦᠨ | ᠰᠣᠶᠣᠯ ᠲᠠᠮᠢᠷ ᠵᠤᠭ᠎ᠠ ᠴᠡᠩᠭᠡᠯ᠂ ᠬᠡᠷ ᠤᠨ ᠡᠳ᠋ᠯᠡᠯ ᠴᠠᠬᠢᠯᠭᠠᠨ ᠬᠡᠷᠡᠭᠰᠡᠯ᠂ ᠬᠤᠭᠤᠯᠠ ᠤᠮᠳᠠ ᠬᠤᠨᠤᠭ ᠰᠠᠭᠤᠴᠠ | ᠵᠡᠷᠭᠡ ᠬᠡᠷᠡᠭᠯᠡᠭᠡᠨ ᠤ ᠨᠡᠮᠡᠭᠳᠡᠯ ᠤᠨ ᠴᠡᠭ ᠢ ᠢᠳᠡᠪᠬᠢᠲᠡᠶ ᠪᠠᠷ ᠪᠤᠶᠢᠵᠢᠭᠤᠯᠤᠨ ᠬᠥᠭᠵᠢᠭᠦᠯᠵᠦ᠂ ᠬᠡᠷᠡᠭᠯᠡᠭᠡᠨ ᠤ ᠳᠠᠯᠳᠠ | ᠬᠦᠴᠦᠨ ᠢ ᠭᠦᠢᠴᠡᠳ ᠪᠠᠳᠠᠷᠠᠭᠤᠯᠤᠨ᠂ ᠵᠤᠬᠢᠬᠤ ᠬᠡᠮᠵᠢᠶ᠎ᠡ ᠪᠠᠷ ᠬᠡᠪᠴᠢᠶᠡᠵᠢᠵᠦ ᠤᠯᠤᠰ ᠤᠨ ᠪᠦᠷᠢᠳᠭᠡᠯ ᠳᠤ | ᠤᠷᠤᠭᠰᠠᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ 5 ᠶᠢ ᠰᠢᠨ᠎ᠡ ᠪᠠᠷ ᠨᠡᠮᠡᠭᠳᠡᠭᠦᠯᠦᠨ᠎ᠡ᠃ ᠰᠦᠯᠵᠢᠶᠡᠨ | ᠣᠳᠣᠳ ᠤᠨ ᠠᠵᠤ ᠠᠬᠤᠶ᠂ ᠰᠢᠭᠤᠳ ᠨᠡᠪᠲᠡᠷᠡᠭᠦᠯᠭᠡ ᠶᠢᠨ ᠠᠵᠤ ᠠᠬᠤᠶ ᠶᠢ ᠲᠡᠳᠬᠦᠨ ᠬᠥᠭᠵᠢᠭᠦᠯᠵᠦ᠂ | ᠬᠤᠳᠠᠯᠳᠤᠭᠠᠨ ᠤ ᠶᠠᠪᠤᠳᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠂ ᠪᠥᠬᠦ ᠵᠢᠯ ᠤᠨ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠬᠡᠮᠵᠢᠶ᠎ᠡ ᠶᠢ 10 ᠳ᠋ᠦᠩᠰᠢᠭᠤᠷ ᠲᠥᠭᠦᠷᠢᠭ ᠲᠠᠪᠠᠭᠤᠯᠵᠤ᠂ | ᠭᠠᠳᠠᠭᠠᠳᠤ ᠠᠷᠠᠯᠵᠢᠶᠠᠨ ᠤ ᠠᠷᠠᠯᠵᠢᠶᠠᠨ ᠤ ᠬᠡᠮᠵᠢᠶ᠎ᠡ ᠶᠢ 1.6 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ | ᠲᠦᠯᠦᠪᠯᠡᠵᠡᠢ᠃ |