ᠲᠠᠶᠢᠹᠤᠰᠧ ᠬᠤᠰᠢᠭᠤ ᠲᠥᠷᠥᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠨ ᠠᠳᠬᠤᠨ᠎ᠠ
ᠨᠡᠶᠢᠲᠡᠯᠡᠭᠰᠡᠨ ᠴᠠᠭ᠄
2025/2/13
  2025 ᠤᠨ ᠳᠤ᠂ ᠲᠠᠶᠢᠹᠤᠰᠧ ᠬᠤᠰᠢᠭᠤᠨ ᠤ ᠬᠢᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠤᠯᠤᠰ ᠤᠨ ᠶᠠᠮᠤᠨ ᠵᠥᠪᠯᠡᠯ᠂ ᠣᠷᠣᠨ ᠤ ᠲᠢᠩᠬᠢᠮ ᠲᠣᠪᠴᠢᠶ᠎ᠠ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠲᠠᠢ ᠵᠣᠯᠭᠠᠭᠤᠯᠬᠤ ᠪᠠᠨ ᠴᠢᠩᠭᠠᠳᠬᠠᠨ᠂ ᠠᠷᠭ᠎ᠠ ᠪᠦᠬᠦᠨ ᠢ ᠰᠦᠪᠡᠭᠴᠢᠯᠡᠨ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠠᠯᠠ ᠮᠥᠩᠭᠦ ᠶᠢ ᠡᠷᠡᠮᠡᠯᠵᠡᠯᠡᠨ ᠣᠯᠵᠤ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ᠂ ᠬᠤᠲᠠ ᠬᠥᠳᠡᠭᠡ ᠶᠢᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠳᠠ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠨᠢᠭᠡ ᠪᠦᠯᠦᠭ ᠪᠥᠬᠦ ᠲᠠᠯ᠎ᠠ ᠶᠢᠨ ᠴᠢᠨᠠᠷᠲᠠᠶ᠂  ᠰᠠᠭᠤᠷᠢᠯᠠᠬᠤ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ ᠶᠡᠭᠡ ᠲᠥᠷᠥᠯ ᠵᠦᠢᠯ ᠢ ᠲᠥᠯᠥᠪᠯᠡᠨ ᠨᠦᠬᠡᠴᠡᠯᠡᠬᠦ ᠪᠠᠷ ᠪᠠᠶᠢᠨ᠎ᠠ᠃ ᠡᠬᠦᠨ ᠤ ᠬᠠᠮᠳᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠲᠡᠯᠬᠡᠬᠦᠷ ᠲᠤ ᠬᠦᠶᠦᠵᠦ᠂ ᠵᠠᠬᠢᠶᠠᠯᠠᠭ᠎ᠠ ᠳᠤ ᠬᠦᠶᠦᠵᠦ  ᠂ ᠪᠤᠳᠠᠳᠠᠢ ᠠᠷᠭ᠎ᠠ ᠪᠠᠷᠢᠯ ᠢᠶᠠᠷ ᠠᠵᠤ ᠠᠬᠤᠶᠢᠯᠠᠯ ᠢ ᠬᠠᠪᠰᠤᠷᠬᠤ ᠠᠵᠢᠯᠯᠠᠭ᠎ᠠ ᠦᠷᠨᠢᠬᠦᠯᠦᠨ᠂ ᠭᠤᠣᠯᠳᠠᠯᠭ᠎ᠠ ᠲᠠᠢ ᠲᠥᠷᠥᠯ ᠵᠦᠢᠯ ᠤᠨ ᠬᠦᠴᠦᠨ ᠵᠦᠢᠯ ᠎ ᠤᠨ ᠪᠠᠲᠤᠯᠠᠭ᠎ᠠ ᠪᠠ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠪᠠᠶᠢᠭᠤᠯᠤᠯᠲᠠ ᠶᠢᠨ ᠬᠤᠷᠳᠤᠴᠠ᠂ ᠴᠢᠨᠠᠷ ᠪᠠ ᠪᠦᠲᠦᠮᠵᠢ ᠶᠢ ᠨᠡᠮᠡᠭᠳᠡᠬᠦᠯᠦᠨ᠂ ︽ᠲᠥᠷᠥᠯ ᠵᠦᠢᠯ ᠤᠨ ᠬᠠᠮᠢᠶᠠᠷᠤᠭᠴᠢ︾᠎ ᠶᠢᠨ ᠬᠡᠯᠪᠡᠷᠢᠳᠦ ᠦᠢᠯᠡᠴᠢᠯᠡᠭᠡ ᠪᠠᠷ ᠲᠤᠰᠬᠠᠢ ᠠᠩᠭᠢ ᠶᠢᠨ ᠬᠢᠨ ᠠᠬᠢᠭᠤᠯᠬᠤ᠂ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠬᠤ᠂ ᠠᠬᠤᠢ ᠲᠠᠯᠠᠪᠠᠢ ᠳᠤ ᠠᠯᠪᠠᠯᠠᠬᠤ ᠵᠡᠷᠭᠡ ᠠᠵᠢᠯ ᠤᠨ ᠲᠣᠭᠲᠠᠴᠠ ᠶᠢ ᠴᠢᠩᠭᠠᠳᠬᠠᠵᠤ᠂ ︽ᠨᠢᠭᠡ ᠲᠦᠷᠦᠯ ᠵᠦᠢᠯ ᠤᠨ ᠨᠢᠭᠡ ᠨᠠᠷᠢᠨ ᠳᠠᠩᠰᠠ︾ ᠨᠠᠷᠢᠯᠢᠬᠵᠢᠭᠰᠠᠨ ᠬᠠᠮᠢᠶᠠᠷᠤᠯᠳᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠭᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠨᠢᠬᠦᠯᠦᠨ᠂ 50 ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠳᠠ ᠶᠢ ᠡᠬᠢᠯᠡᠬᠦᠯᠵᠦ᠂ 22.34 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠬᠦᠯᠬᠦ ᠎ ᠪᠠᠷ ᠲᠦᠯᠦᠪᠯᠡᠵᠡᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号