ᠲᠠᠶᠢᠹᠤᠰᠧ ᠬᠤᠰᠢᠭᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠤᠯᠠᠮ ᠰᠢᠯᠢᠳᠡᠭᠵᠢᠬᠦᠯᠦᠨ᠎ᠡ
ᠨᠡᠶᠢᠲᠡᠯᠡᠭᠰᠡᠨ ᠴᠠᠭ᠄
2025/2/19
  2025 ᠤᠨ ᠳᠤ᠂ ᠲᠠᠶᠢᠹᠤᠰᠧ ᠬᠤᠰᠢᠭᠤᠨ ᠤ ᠬᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠪᠠᠷ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠠᠩ ᠯᠠᠪᠳᠠᠭᠤᠨ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠤᠯᠭᠠᠬᠤ ᠪᠠᠷ ᠪᠠᠶᠢᠨ᠎ᠠ᠃ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ ᠪᠠᠷ ᠪᠠᠷᠢᠮᠵᠢᠶ᠎ᠠ ᠪᠣᠯᠭᠠᠵᠤ᠂ ︽12345︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠤᠲᠠᠰᠤ ᠶᠢᠨ ᠠᠵᠢᠯ ᠢ ᠴᠢᠨᠠᠷ ᠰᠠᠶᠢᠲᠠᠶ ᠰᠠᠶᠢᠲᠤᠷ ᠡᠷᠬᠢᠯᠡᠨ᠂  ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ ᠲᠡᠯᠬᠡᠬᠦᠷᠴᠢᠯᠡᠭᠰᠡᠨ ᠪᠣᠳᠠᠲᠤ ᠴᠣᠭᠴᠠ ᠲᠡᠰᠢ ᠬᠡᠯᠪᠡᠷᠢ ᠪᠠᠨ ᠬᠤᠪᠢᠷᠠᠭᠤᠯᠬᠤ ᠠᠯᠬᠤᠭ᠎ᠠ ᠶᠢ ᠲᠦᠷᠭᠡᠳᠭᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠦᠭᠵᠢᠬᠡᠨ᠂ ᠦᠷᠢᠰᠦᠯᠳᠦᠭᠡᠨ ᠤ ᠴᠢᠳᠠᠯ ᠢ ᠨᠡᠮᠡᠭᠳᠡᠬᠦᠯᠵᠦ᠂  ᠪᠤᠳᠠᠳᠤ ᠬᠦᠴᠦᠨ ᠢ ᠪᠤᠵᠠᠭᠠᠶᠢᠷᠠᠭᠤᠯᠬᠤ ᠪᠤᠯᠤᠨ᠎ᠠ᠃ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷ᠎ᠡ ᠪᠦᠳᠦᠮᠵᠢ ᠲᠠᠢ ᠨᠠᠶᠢᠳᠠᠪᠤᠷᠢᠵᠢᠭᠤᠯᠤᠨ᠂ ᠵᠠᠰᠠᠭ ᠤᠨ ᠤᠷᠳᠤᠨ ᠪᠠ ᠠᠵᠤ ᠠᠬᠤᠶᠢᠯᠠᠯ ᠤᠨ ᠪᠠᠶᠢᠩᠭᠤᠵᠢᠭᠰᠠᠨ ᠨᠡᠪᠲᠡᠷᠡᠯᠴᠡᠬᠦ ᠲᠣᠭᠲᠠᠴᠠ ᠶᠢ ᠤᠯᠠᠮ ᠲᠡᠬᠦᠯᠳᠡᠷᠵᠢᠬᠦᠯᠵᠦ᠂ ᠵᠠᠰᠠᠭ ᠤᠨ ᠣᠷᠳᠣᠨ ᠲᠦᠷᠦᠭᠦᠯᠡᠨ ᠠᠮᠠᠯᠠᠯᠲᠠ ᠪᠠᠨ ᠰᠠᠬᠢᠵᠤ᠂ ᠲᠦᠷᠦ ᠎ ᠶᠢᠨ ᠪᠤᠳᠤᠯᠭ᠎ᠠ ᠶᠢᠨ ᠠᠰᠢᠭ ᠢ ᠬᠦᠷᠳᠡᠭᠡᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠴᠢᠷᠳᠡᠯ ᠢ ᠪᠥᠬᠦ ᠬᠦᠴᠦᠨ ᠢᠶᠠᠷ ᠰᠢᠢᠳᠪᠦᠷᠢᠯᠡᠵᠦ ᠦᠭᠬᠦ ᠪᠠᠷ ᠪᠠᠶᠢᠨ᠎ᠠ᠃ ᠡᠬᠦᠨ ᠤ ᠬᠠᠮᠳᠤ᠂ ᠭᠤᠣᠯᠳᠠᠯᠭ᠎ᠠ ᠲᠠᠢ  ᠬᠦᠷᠢᠶ᠎ᠡ  ᠴᠠᠷᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号