2025 ᠤᠨ ᠳᠤ᠂ ᠲᠠᠶᠢᠹᠤᠰᠧ ᠬᠤᠰᠢᠭᠤᠨ ᠤ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ | ᠲᠡᠷᠢᠭᠦᠨ ᠢᠨᠵᠧᠨᠧᠷᠢᠩ︾ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠤᠷᠤᠨ ᠠᠶᠢᠮᠠᠭ ᠤᠨ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠲᠦᠷᠦ ᠶᠢᠨ ᠪᠤᠳᠤᠯᠭ᠎ᠠ ᠶᠢ ᠬᠦᠢᠴᠡᠳ ᠠᠰᠢᠭᠯᠠᠨ᠂ ᠰᠢᠨ᠎ᠡ ᠡᠨᠧᠷᠭᠢ ᠰᠢᠨ᠎ᠡ | ᠮᠠᠲ᠋ᠧᠷᠢᠶᠠᠯ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠵᠡᠷᠭᠡ | ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ | ᠨᠡᠶᠢᠴᠡᠭᠰᠡᠨ᠂ ᠡᠬᠢ ᠪᠠᠶᠠᠯᠢᠭ ᠤᠨ ᠳᠠᠪᠠᠭᠤᠯᠢᠭ ᠲᠤ ᠵᠤᠬᠢᠷᠠᠭᠰᠠᠨ᠂ ᠬᠡᠯᠬᠢᠶᠡᠰᠦ ᠶᠢ ᠤᠷᠳᠤᠳᠬᠠᠵᠤ ᠬᠡᠯᠬᠢᠶᠡᠰᠦ ᠶᠢ | ᠨᠥᠬᠦᠪᠥᠷᠢᠯᠡᠵᠦ ᠬᠡᠯᠬᠢᠶᠡᠰᠦ ᠶᠢ ᠬᠦᠴᠦᠷᠬᠡᠭᠵᠢᠭᠦᠯᠬᠦ ᠨᠢᠭᠡ ᠪᠦᠯᠦᠭ ᠠᠵᠤ ᠠᠬᠤᠶᠢᠯᠠᠯ ᠪᠠ ᠲᠥᠷᠥᠯ ᠵᠦᠢᠯ ᠢ | ᠤᠷᠢᠵᠤ ᠣᠷᠣᠭᠤᠯᠤᠨ ᠂ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠬᠤ ᠵᠤᠯᠭᠠᠭᠤᠯᠤᠯᠳᠠ ᠶᠢᠨ ᠠᠵᠢᠯᠯᠠᠭ᠎ᠠ ᠶᠢ | 20 ᠤᠳᠠᠭ᠎ᠠ ᠦᠷᠨᠢᠬᠦᠯᠵᠦ᠂ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠠᠵᠢᠯᠯᠠᠭ᠎ᠠ ᠶᠢ 3 ᠤᠳᠠᠭ᠎ᠠ | ᠡᠷᠬᠢᠯᠡᠨ᠂ 130 ᠡᠷᠦᠬᠡ ᠠᠵᠤ ᠠᠬᠤᠶᠢᠯᠠᠯ ᠯᠤᠭ᠎ᠠ ᠵᠤᠯᠭᠠᠭᠤᠯᠬᠤ ᠪᠠᠷ ᠪᠠᠶᠢᠨ᠎ᠠ᠃ ᠪᠠᠢ ᠬᠤᠢ ᠱᠧᠩ ᠂ | ᠾᠦᠢ ᠲᠠᠢ᠂ ᠷᠦᠩ ᠰᠢᠨ ᠵᠡᠷᠭᠡ ᠰᠢᠨ᠎ᠡ ᠡᠨᠧᠷᠬᠢ ᠶᠢᠨ ᠬᠠᠮᠢᠶᠠᠳᠠᠢ ᠲᠦᠷᠦᠯ ᠵᠦᠢᠯ ᠤᠨ ᠭᠡᠷ᠎ᠡ ᠲᠤᠭᠳᠠᠬᠤ ᠠᠵᠢᠯ | ᠢ ᠲᠦᠷᠭᠡᠳᠬᠡᠨ ᠠᠬᠢᠭᠤᠯᠵᠤ᠂ ᠭᠠᠷ ᠤᠨ ᠦᠰᠦᠭ ᠵᠢᠷᠤᠬᠤ᠂ ᠭᠠᠷ ᠭᠦᠢᠴᠡᠳᠬᠡᠯ ᠬᠢᠬᠦ᠂ ᠠᠵᠢᠯ ᠡᠬᠢᠯᠡᠬᠦᠯᠬᠦ᠂ | ᠪᠠᠷᠢᠯᠭ᠎ᠠ ᠲᠠᠭᠤᠰᠬᠠᠵᠤ ᠠᠰᠢᠭᠯᠠᠯᠲᠠ ᠳᠤ ᠣᠷᠣᠭᠤᠯᠬᠤ ᠵᠡᠷᠭᠡ ᠪᠦᠬᠦ ᠶᠠᠪᠤᠴᠠ ᠶᠢᠨ ᠦᠢᠯᠡᠴᠢᠯᠡᠭᠡ ᠶᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠨᠤᠷᠮ᠎ᠠ ᠪᠠ ᠪᠡᠯᠡ ᠮᠥᠩᠭᠦ ᠶᠢ | ᠪᠣᠳᠠᠲᠠᠶᠢᠵᠢᠭᠤᠯᠬᠤ ᠨᠤᠷᠮ᠎ᠠ ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠂ ᠠᠷᠠᠯᠵᠢᠶᠠᠴᠢᠨ ᠤᠷᠢᠬᠤ ᠲᠦᠷᠦᠯ ᠵᠦᠢᠯ | 13 ᠶᠢ ᠣᠷᠣᠭᠤᠯᠵᠤ᠂ 12 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠪᠣᠳᠠᠲᠠᠶᠢᠵᠢᠭᠤᠯᠬᠤ ᠪᠠᠷ | ᠲᠦᠯᠦᠪᠯᠡᠵᠡᠢ᠃ |