ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/19
 2 ᠰᠠᠷ᠎ᠠ ᠶᠢᠨ 13᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠬᠦᠯᠬᠦ ᠬᠥᠮᠦᠵᠢᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠰᠢ ᠪᠠᠢ ᠱᠦᠢ ᠬᠤᠷᠠᠯ ᠳᠤ ᠤᠷᠤᠯᠴᠠᠵᠤ ᠵᠢᠭᠠᠨ ᠵᠢᠯᠣᠭᠤᠳᠪᠠ᠃ ᠴᠧᠨ ᠶᠠᠨ ᠪᠦᠦ ᠶᠠᠷᠢᠶᠠᠨ ᠳᠠᠭᠠᠨ᠂ ᠥᠩᠭᠡᠷᠡᠭᠰᠡᠨ ᠨᠢᠭᠡ ᠵᠢᠯ ᠳᠤ  ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠯ᠎ᠡ ᠲᠦᠷᠦᠯ ᠤᠨ ᠠᠵᠢᠯ ᠢ ᠭᠦᠨᠵᠡᠭᠡᠶ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠠᠶᠢᠹᠤᠰᠧ ᠬᠤᠰᠢᠭᠤᠨ ᠤ  ᠪᠠᠶᠢᠭᠤᠯᠤᠯᠳᠠ ᠶᠢ ᠬᠦᠴᠦᠯᠡᠨ ᠠᠬᠢᠭᠤᠯᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠡᠭᠦᠯ ᠬᠤᠷᠢᠶᠠᠬᠤ ᠵᠢᠯ ᠪᠣᠯᠤᠨ᠎ᠠ᠂  ᠪᠢᠳᠡ ᠡᠷᠭᠡᠪᠰᠢ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ  ᠴᠢᠩᠭᠠᠳᠬᠠᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠵᠤ᠂ ᠴᠢᠨᠠᠷ ᠰᠠᠶᠢᠲᠠᠢ ᠬᠥᠭᠵᠢᠯᠲᠡ ᠳᠤ  ᠬᠦᠴᠦᠳᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠶᠧ ᠶᠢᠨ ᠳ᠋ᠦᠩ ᠬᠤᠷᠠᠯ ᠢ ᠡᠷᠭᠢᠯᠡᠭᠰᠡᠨ ᠪᠥᠭᠡᠳ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠵᠦ 2025 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠳᠡᠭᠡᠷ᠎ᠡ ᠤᠯᠠᠨ ᠢᠶᠠᠷ ᠎ ᠢᠶᠠᠨ ᠪᠠᠰᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠭᠰᠡᠨ ᠪᠠᠶᠢᠨ᠎ᠠ᠃ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠭᠡᠰᠢᠬᠦᠳ ᠪᠠ ᠪᠠᠶᠢᠭᠤᠯᠭ᠎ᠠ ᠶᠢᠨ ᠠᠵᠢᠯᠳᠠᠳ᠂ ᠲᠣᠮᠢᠯᠠᠨ ᠰᠠᠭᠤᠯᠭᠠᠭᠰᠠᠨ ᠺᠠᠳ᠋ᠷᠴᠤᠳ᠂ ᠬᠤᠰᠢᠭᠤ ᠨᠠᠮ ᠤᠨ ᠬᠤᠷᠢᠶᠠᠨ ᠤ ᠪᠠᠶᠢᠴᠠᠭᠠᠬᠤ ᠪᠠᠶᠢᠭᠤᠯᠤᠮᠵᠢ ᠶᠢᠨ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ᠂  ᠬᠤᠰᠢᠭᠤ ᠬᠠᠷᠢᠶ᠎ᠠ ᠪᠠᠶᠢᠭᠤᠯᠭ᠎ᠠ ᠨᠢᠬᠡᠴᠡ᠂ ᠲᠠᠶᠢᠹᠤᠰᠧ ᠳᠤ ᠰᠠᠭᠤᠭ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号