2025 ᠤᠨ ᠳᠤ᠂ ᠲᠠᠶᠢᠹᠤᠰᠧ ᠬᠤᠰᠢᠭᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ | ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠂ ᠵᠣᠯᠭᠠᠭᠤᠯᠬᠤ ᠪᠡᠯᠡ ᠮᠥᠩᠭᠦ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ 2.6 ᠳ᠋ᠦᠩᠰᠢᠭᠤᠷ ᠲᠥᠭᠦᠷᠢᠭ ᠢ ᠡᠷᠡᠮᠡᠯᠵᠡᠯᠡᠨ ᠤᠯᠵᠤ᠂ | ᠲᠦᠬᠦᠭᠡᠷᠦᠮᠵᠢᠳᠦ ᠲᠠᠷᠢᠶᠠᠯᠠᠩ᠂ ᠬᠦᠷᠢᠶ᠎ᠡ ᠬᠠᠰᠢᠶᠠᠨ ᠤ ᠠᠵᠤ ᠠᠬᠤᠢ᠂ ᠠᠵᠢᠯᠯᠠᠵᠤ ᠠᠮᠢᠳᠤᠷᠠᠬᠤ ᠳᠤ | ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠳᠠ ᠵᠡᠷᠭᠡ 13 ᠲᠦᠷᠦᠯ ᠵᠦᠢᠯ ᠢ | ᠭᠡᠷᠡᠭᠵᠢᠬᠦᠯᠬᠦ ᠪᠠᠷ ᠲᠦᠯᠦᠪᠯᠡᠵᠡᠢ᠃ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ | ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠠᠶᠢᠳᠤᠷ ᠰᠤᠷᠤᠯᠴᠠᠨ ᠬᠡᠷᠡᠭᠯᠡᠵᠦ᠂ ᠠᠶᠢᠯ ᠲᠣᠰᠬᠤᠨ ᠤ | ᠠᠷᠢᠭᠤᠨ ᠴᠡᠪᠡᠷ ᠤᠨ ︽ᠲᠦᠷᠪᠡᠨ ᠤᠯᠠᠷᠢᠯ︾ ᠤᠨ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠵᠤ᠂ 1193 | ᠡᠷᠦᠭᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠶᠢᠨ ᠬᠠᠮᠳᠤ᠂ ︽ᠮᠢᠩᠭᠠᠨ ᠲᠣᠰᠬᠤᠨ ᠢᠶᠠᠷ ᠵᠢᠱᠢᠶ᠎ᠡ | ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠠᠵᠢᠯ ᠤᠨ ᠵᠢᠱᠢᠶ᠎ᠡ ᠦᠵᠡᠭᠦᠯᠬᠦ ᠲᠣᠰᠬᠤᠨ 7 ᠶᠢ | ᠡᠭᠦᠳᠦᠨ ᠪᠠᠶᠢᠭᠤᠯᠬᠤ ᠪᠠᠷ ᠪᠠᠶᠢᠨ᠎ᠠ᠃ ᠡᠬᠦᠨ ᠤ ᠬᠠᠮᠳᠤ ︽ᠨᠢᠭᠡ ᠭᠡᠷ᠎ᠡ ᠳᠥᠷᠪᠡᠨ ᠵᠦᠪᠯᠡᠯ︾᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠠ ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ ᠤᠨ | ᠦᠢᠯᠡᠳᠦᠯ ᠢ ᠬᠦᠢᠴᠡᠳ ᠪᠠᠳᠠᠷᠠᠭᠤᠯᠤᠨ᠂ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠣᠯᠪᠠᠰᠤᠨ ᠰᠠᠶᠢᠬᠠᠨ ᠭᠡᠪ ᠰᠤᠷᠲᠠᠯ ᠢ ᠦᠷᠭᠡᠳᠭᠡᠨ ᠲᠡᠯᠬᠡᠷᠡᠬᠦᠯᠬᠦ | ᠪᠤᠯᠤᠨ᠎ᠠ᠃ |