2025 ᠤᠨ ᠳᠤ᠂ ᠲᠠᠶᠢᠹᠤᠰᠧ ᠬᠤᠰᠢᠭᠤᠨ ᠤ ᠬᠢᠨ ᠮᠤᠬᠤᠷ ᠵᠠᠮ ᠢ ᠨᠡᠪᠳᠡᠷᠡᠬᠦᠯᠬᠦ᠂ ᠢᠯᠴᠢ ᠬᠠᠩᠭᠠᠬᠤ᠂ | ᠤᠰᠤ ᠬᠠᠩᠭᠠᠬᠤ᠂ ᠰᠢᠲᠠᠮᠠᠬᠠᠶ ᠬᠡᠢ ᠬᠠᠩᠭᠠᠬᠤ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ᠂ ᠲᠠᠷᠢᠵᠤ | ᠨᠣᠭᠤᠭᠠᠷᠠᠭᠤᠯᠬᠤ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ | ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠥᠬᠦᠭᠡᠷᠦᠮᠵᠢ ᠶᠢᠨ ᠰᠢᠨᠡᠴᠢᠯᠡᠯᠲᠡ᠂ | ᠭᠤᠸᠠᠩ ᠮᠢᠩ ᠰᠠᠭᠤᠭᠠᠯᠢ ᠲᠣᠭᠤᠷᠢᠭ ᠪᠣᠯᠤᠨ ᠢ ᠮᠢᠨ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ | ᠦᠬᠡᠷᠡᠴᠢᠯᠡᠯᠳᠡ ᠶᠢᠨ ᠢᠨᠵᠧᠨᠧᠷᠢᠩ ᠢ ᠪᠡᠶᠡᠯᠡᠬᠦᠯᠬᠦ ᠪᠠᠷ ᠲᠤᠭᠳᠠᠵᠠᠢ᠃ ᠡᠬᠦᠨ ᠤ ᠬᠠᠮᠳᠤ᠂ ᠥᠪᠡᠷᠲᠡᠭᠡᠨ ᠵᠠᠰᠠᠬᠤ | ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠦᠪᠯᠡᠷᠡᠬᠦᠯᠦᠨ᠂ ᠪᠣᠯᠪᠠᠰᠤᠨ ᠵᠠᠮ | ᠬᠠᠷᠢᠯᠴᠠᠭ᠎ᠠ᠂ ᠬᠤᠲᠠ ᠶᠢᠨ ᠦᠩᠭᠡ ᠲᠦᠷᠬᠦ ᠂ ᠲᠡᠷᠭᠡᠨ ᠵᠤᠭᠰᠤᠭᠠᠯ ᠵᠡᠷᠭᠡ ᠶᠢᠨ ᠲᠦᠷᠢᠮᠵᠢᠬᠦᠯᠦᠨ | ᠰᠠᠶᠢᠵᠢᠷᠠᠭᠤᠯᠬᠤ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ᠂ | ᠳᠤᠷ᠎ᠠ ᠪᠠᠷ ᠢᠶᠠᠨ ᠠᠯᠠᠵᠤ ᠨᠢᠲᠤᠯᠬᠤ᠂ ᠲᠠᠭᠤ ᠱᠤᠤᠭᠢᠶᠠᠨ ᠭᠠᠷᠭᠠᠵᠤ ᠠᠷᠠᠳ ᠢᠷᠭᠡᠳ ᠢ ᠦᠢᠮᠡᠭᠦᠯᠬᠦ ᠵᠡᠷᠭᠡ ᠦᠢᠯᠡ | ᠠᠵᠢᠯᠯᠠᠭ᠎ᠠ ᠶᠢ ᠬᠦᠴᠦᠲᠡᠶ ᠴᠡᠭᠴᠡᠯᠡᠨ᠂ ᠬᠤᠲᠠ ᠶᠢᠨ ᠲᠣᠭᠤᠷᠢᠭ ᠤᠨ ᠨᠠᠷᠢᠯᠢᠬᠵᠢᠭᠰᠠᠨ ᠬᠠᠮᠢᠶᠠᠷᠤᠯᠳᠠ ᠶᠢᠨ ᠬᠢᠷᠢ | ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠬᠦᠯᠬᠦ ᠶᠢᠨ ᠲᠠᠭᠠᠤ᠂ ᠲᠤᠰᠬᠠᠶᠢᠵᠢᠭᠰᠠᠨ ᠦᠢᠯᠡᠴᠢᠯᠡᠭᠡᠨ ᠤ ᠠᠵᠤ | ᠠᠬᠤᠶᠢᠯᠠᠯ ᠢ ᠤᠷᠢᠵᠤ᠂ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠪᠠᠷ | ᠪᠠᠶᠢᠨ᠎ᠠ᠃ |