2025 ᠤᠨ ᠳᠤ᠂ ᠲᠠᠶᠢᠹᠤᠰᠧ ᠬᠤᠰᠢᠭᠤᠨ ᠤ ᠬᠢᠨ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ | ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠳᠥᠷᠪᠡᠨ ᠰᠠᠶᠢᠨᠳᠠᠢ ᠬᠥᠳᠡᠭᠡ ᠶᠢᠨ ᠵᠠᠮ︾ ᠤᠨ | ᠪᠠᠶᠢᠭᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠦᠨ᠂ 2 ᠲᠣᠰᠬᠤᠨ ᠳᠤ ᠨᠡᠶᠢᠳᠡ ᠤᠷᠳᠤ ᠨᠢ 36 ᠺᠢᠯᠤᠮᠧᠲᠷ | ᠤᠨ ᠬᠤᠣᠰ ᠴᠢᠭᠯᠡᠯ ᠢᠶᠠᠷ ᠲᠡᠷᠭᠡ ᠨᠡᠪᠲᠡᠷᠡᠬᠦ ᠵᠠᠰᠠᠮᠠᠯ ᠵᠠᠮ ᠢ ᠪᠠᠶᠢᠭᠤᠯᠵᠤ᠂ ᠦᠴᠢ ᠤᠪᠤᠭ᠎ᠠ ᠠᠴᠠ ᠬᠠᠰᠢᠶᠠᠲᠤ | ᠬᠦᠷᠬᠦ᠂ ᠬᠤᠩ ᠵᠢᠩ ᠠᠴᠠ ᠨᠠᠨ ᠳ᠋ᠢ ᠹᠠᠩ ᠬᠦᠷᠬᠦ 27.3 ᠺᠢᠯᠤᠮᠧᠲᠷ ᠵᠢᠭᠤᠯᠴᠢᠯᠠᠯ ᠤᠨ ᠵᠠᠰᠠᠮᠠᠯ ᠵᠠᠮ ᠢ | ᠥᠭᠡᠷᠡᠴᠢᠯᠡᠨ ᠥᠷᠭᠡᠳᠬᠡᠵᠤ᠂ 90 ᠺᠢᠯᠤᠮᠧᠲᠷ ᠤᠷᠳᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠪᠠᠷ ᠪᠠᠶᠢᠨ᠎ᠠ᠃ ᠡᠬᠦᠨ ᠤ ᠬᠠᠮᠳᠤ᠂ ᠬᠦᠳᠡᠭᠡ ᠲᠤᠰᠬᠤᠨ ᠤ ᠤᠰᠤ ᠤᠮᠳᠠ ᠶᠢᠨ ᠠᠮᠤᠷ ᠲᠦᠪᠰᠢᠨ ᠤ | ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ᠂ | ᠤᠰᠤᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠲᠤᠯᠠᠭ᠎ᠠ ᠶᠢᠨ ᠢᠨᠵᠧᠨᠧᠷᠢᠩ 5 ᠶᠢ ᠭᠡᠷᠡᠭᠵᠢᠬᠦᠯᠬᠦ ᠪᠦᠭᠡᠳ ᠴᠠᠬᠢᠯᠭᠠᠨ | ᠬᠠᠩᠭᠠᠬᠤ ᠴᠢᠨᠠᠷ ᠤᠨ ᠪᠠᠳᠤᠯᠠᠭᠠᠨ ᠤ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠰᠢᠩ ᠱᠧᠩ ᠲᠤᠰᠬᠤᠨ᠂ | ᠬᠤᠩ ᠱᠧᠩ ᠲᠤᠰᠬᠤᠨ ᠤ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠢᠨᠵᠧᠨᠧᠷᠢᠩ᠂ ᠬᠤᠲᠠ | ᠬᠦᠳᠡᠭᠡ ᠶᠢᠨ ᠴᠠᠬᠢᠯᠭᠠᠨ ᠬᠦᠴᠦᠨ ᠤ ᠦᠬᠡᠷᠡᠴᠢᠯᠡᠯᠳᠡ ᠶᠢᠨ ᠢᠨᠵᠧᠨᠧᠷᠢᠩ ᠵᠡᠷᠭᠡ ᠶᠢ ᠬᠡᠷᠡᠭᠵᠢᠭᠦᠯᠦᠨ᠎ᠡ᠃ ᠮᠦᠨ | ᠵᠢᠯ ᠳᠤ᠂ ᠰᠦᠯᠵᠢᠶᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ 5G ᠶᠢᠨ | ᠰᠠᠭᠤᠷᠢ ᠥᠷᠲᠡᠭᠡ 33 ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠰᠠᠶᠢᠵᠢᠷᠠᠭᠤᠯᠬᠤ ᠪᠠᠷ ᠲᠦᠯᠦᠪᠯᠡᠵᠡᠢ᠃ |