ᠲᠠᠶᠢᠹᠤᠰᠧ ᠬᠤᠰᠢᠭᠤ ᠣᠷᠴᠢᠨ ᠲᠣᠭᠤᠷᠢᠨ ᠤ ᠪᠣᠬᠢᠷᠲᠤᠯ ᠤᠨ ᠰᠡᠷᠭᠡᠶᠢᠯᠡᠨ ᠵᠠᠰᠠᠬᠤ ᠠᠵᠢᠯ ᠢ ᠬᠦᠨᠵᠡᠬᠡᠶᠢᠷᠡᠬᠦᠯᠦᠨ᠎ᠡ
ᠨᠡᠶᠢᠲᠡᠯᠡᠭᠰᠡᠨ ᠴᠠᠭ᠄
2025/2/25
  2025 ᠤᠨ ᠳᠤ᠂ ᠲᠠᠶᠢᠹᠤᠰᠧ ᠬᠤᠰᠢᠭᠤᠨ ᠤ ᠬᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠡᠭᠡᠯᠵᠢ ᠶᠢᠨ ᠱᠠᠭᠠᠷᠳᠠᠨ ᠪᠠᠶᠢᠴᠠᠭᠠᠯᠳᠠ ᠶᠢᠨ ᠡᠯ᠎ᠡ ᠲᠦᠷᠦᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂ ᠴᠡᠯᠮᠡᠭ ᠣᠭᠲᠠᠷᠭᠤᠢ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂  ᠰᠢᠳᠠᠭᠠᠬᠤ ᠶᠢ ᠴᠠᠭᠠᠵᠠᠯᠠᠬᠤ᠂ ᠪᠣᠬᠢᠷᠲᠤᠯ ᠢ ᠪᠠᠭᠠᠰᠬᠠᠬᠤ᠂ ᠤᠳᠤᠭ᠎ᠠ ᠲᠤᠭᠤᠰᠤ ᠶᠢ ᠬᠢᠵᠠᠭᠠᠷᠯᠠᠬᠤ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠪᠠᠷ ᠪᠠᠶᠢᠨ᠎ᠠ᠃ ᠭᠤᠤᠯ ᠤᠨ ᠤᠷᠤᠰᠬᠠᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠬᠠᠤᠯᠢ ᠲᠦᠷᠢᠮ ᠠᠴᠠ ᠵᠦᠷᠢᠴᠡᠵᠦ ᠲᠤᠷ᠎ᠠ ᠵᠤᠷᠢᠭ ᠢᠶᠠᠷ ᠢᠶᠠᠨ ᠪᠠᠶᠢᠭᠤᠯᠤᠭᠰᠠᠨ ᠭᠡᠷ ᠪᠠᠷᠢᠯᠭ᠎ᠠ ᠶᠢ  ᠨᠤᠷᠠᠭᠠᠵᠤ ᠨᠡᠬᠦᠯᠭᠡᠨ᠂ ᠬᠠᠭᠠᠯᠪᠤᠷᠢᠯᠠᠨ ᠲᠠᠷᠢᠬᠤ ᠶᠢ ᠴᠠᠭᠠᠵᠠᠯᠠᠵᠤ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠦᠷᠬᠦᠯᠵᠢᠯᠡᠨ 100%᠎ ᠳᠤ ᠪᠠᠳᠤᠯᠠᠬᠤ ᠪᠤᠯᠤᠨ᠎ᠠ᠃ ᠡᠬᠦᠨ ᠤ ᠬᠠᠮᠳᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠤᠨ ︽ᠲᠦᠷᠪᠡ ᠶᠢ ᠬᠢᠵᠠᠭᠠᠷᠯᠠᠬᠤ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠳᠠ ᠪᠠ ᠵᠠᠰᠠᠯᠳᠠ ᠶᠢᠨ ᠬᠢᠷᠢ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠮᠦᠨ ᠵᠢᠯ ᠳᠤ᠂ ᠬᠤᠭᠤᠯᠠᠨ ᠬᠡᠷ ᠤᠨ ᠬᠤᠭ ᠨᠣᠪᠰᠢ ᠶᠢ ᠰᠢᠢᠳᠪᠦᠷᠢᠯᠡᠬᠦ ᠲᠤᠨᠤᠭ ᠲᠥᠬᠦᠭᠡᠷᠦᠮᠵᠢ ᠶᠢᠨ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  300 ᠡᠷᠦᠬᠡ ᠳᠤ ︽ᠨᠡᠭᠦᠷᠡᠰᠦ ᠶᠢ ᠴᠠᠬᠢᠯᠭᠠᠨ ᠪᠤᠯᠭᠠᠬᠤ︾ ᠴᠡᠪᠡᠷ ᠡᠨᠧᠷᠬᠢ ᠶᠢᠨ ᠳᠤᠯᠠᠭᠠᠯᠠᠭ᠎ᠠ ᠶᠢᠨ ᠦᠬᠡᠷᠡᠴᠢᠯᠡᠯᠳᠡ ᠶᠢ ᠬᠢᠬᠦ ᠪᠠᠷ ᠲᠤᠭᠳᠠᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号