ᠴᠧᠨ ᠶᠠᠨ ᠪᠦᠦ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠦᠢᠯᠡᠳᠪᠦᠷᠢᠯᠡᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/25
  2 ᠰᠠᠷ᠎ᠠ ᠶᠢᠨ 21᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠪᠠᠶᠢᠴᠠᠭᠠᠬᠤ ᠪᠦᠯᠬᠦᠮ ᠲᠠᠭᠠᠭᠤᠯᠵᠤ᠂ ᠬᠤᠰᠢᠭᠤᠨ ᠤ ᠳᠣᠲᠣᠷᠠᠬᠢ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠡᠢ᠃ ᠴᠧᠨ ᠶᠠᠨ ᠪᠦᠦ ᠤᠷᠢᠳ ᠬᠤᠵᠢᠳ ᠺᠠᠢ ᠳ᠋ᠠ ᠲᠦᠮᠦᠰᠦᠨ ᠤ ᠦᠢᠯᠡᠰ ᠤᠨ ᠺᠤᠮᠫᠠᠨᠢ᠂ ᠸᠠᠨ ᠳ᠋ᠠ ᠪᠠᠭᠤᠳᠠᠯ᠂  ᠯᠢ ᠰᠢᠶᠠᠩ ᠴᠧᠩ ᠰᠠᠭᠤᠭᠠᠯᠢ ᠲᠤᠭᠤᠷᠢᠭ᠂  ᠳ᠋ᠦᠩ ᠵᠢᠶᠤᠤ ᠪᠡᠶ᠎ᠡ ᠴᠢᠭᠢᠷᠠᠭᠵᠢᠭᠤᠯᠬᠤ ᠲᠥᠪ ᠂  ᠰᠢ ᠱᠠᠨ ᠫᠦᠸᠧ ᠳᠠᠬᠢ ᠲᠡᠮᠦᠷ ᠵᠠᠮ ᠤᠨ ᠦᠷᠳᠡᠭᠡ ᠵᠡᠷᠭᠡ ᠲᠦᠷᠦᠯ ᠵᠦᠢᠯ ᠤᠨ ᠠᠬᠤᠢ ᠲᠠᠯᠠᠪᠠᠢ ᠳᠤ  ᠬᠦᠨᠵᠡᠬᠡᠶᠢᠷᠡᠵᠦ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠵᠢᠯ ᠤᠨ ᠠᠵᠢᠯ ᠬᠠᠪᠤᠷ ᠲᠠᠭᠠᠨ ᠭᠡᠳᠡᠭ ᠢᠶᠠᠷ ᠤᠳᠤ ᠪᠣᠯ ᠶᠠᠭ ᠲᠦᠷᠦᠯ ᠵᠦᠢᠯ ᠤᠨ ᠪᠠᠶᠢᠭᠤᠯᠤᠯᠳᠠ ᠳᠤ ᠪᠡᠯᠡᠳᠬᠡᠯ ᠬᠢᠬᠦ ᠪᠠ ᠲᠦᠯᠬᠢᠨ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠷᠭᠡᠪᠰᠢ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠵᠣᠬᠢᠴᠠᠭᠤᠯᠤᠨ ᠰᠢᠢᠳᠪᠦᠷᠢᠯᠡᠵᠦ᠂ ᠭᠡᠷ᠎ᠡ ᠲᠣᠭᠲᠠᠭᠰᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠡᠬᠢᠯᠡᠭᠦᠯᠬᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠰᠡᠷᠭᠦᠭᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠨ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾᠎ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠨ᠂ ᠬᠠᠷᠢᠯᠴᠠᠭ᠎ᠠ ᠵᠣᠬᠢᠴᠠᠭᠤᠯᠭ᠎ᠠ ᠪᠠᠨ ᠨᠢᠭᠲᠠᠷᠠᠭᠤᠯᠵᠤ᠂  ᠦᠢᠯᠡᠴᠢᠯᠡᠭᠡ ᠪᠠᠲᠤᠯᠠᠭ᠎ᠠ ᠶᠢ ᠪᠦᠬᠦ ᠬᠦᠴᠦᠨ ᠢᠶᠠᠷ ᠰᠠᠶᠢᠨ ᠬᠢᠵᠦ᠂ ᠲᠦᠷᠦᠯ ᠵᠦᠢᠯ ᠤᠨ ᠪᠠᠶᠢᠭᠤᠯᠤᠯᠲᠠ ᠶᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠠᠬᠢᠭᠤᠯᠬᠤ ᠬᠡᠷᠡᠭᠲᠡᠢ ᠭᠡᠪᠡ᠃ ᠯᠢ ᠳ᠋ᠦᠩ ᠯᠢᠨ᠂ ᠯᠢᠦ ᠶᠠ ᠱᠧᠩ᠂ ᠯᠢ ᠵᠠᠨ ᠪᠦᠦ᠂ ᠱᠢ ᠵᠠᠨ ᠵᠢᠶᠦ᠋ᠨ ᠵᠢᠴᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ  ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号