ᠠᠵᠢᠯ ᠦᠢᠯᠡᠳᠪᠦᠷᠢᠯᠡᠯ ᠢᠶᠠᠨ ᠱᠠᠯᠠᠪᠳᠠᠨ ᠰᠡᠷᠬᠦᠬᠡᠵᠦ ᠠᠵᠤ ᠠᠬᠤᠶ ᠶᠢᠨ ᠬᠥᠭᠵᠢᠯᠲᠡ ᠶᠢᠨ ︽ᠢᠷᠠᠭᠤ ᠠᠶᠠᠰ︾᠎ ᠢ  ᠴᠢᠪᠬᠠᠳᠠᠨ᠎ᠠ
ᠨᠡᠶᠢᠲᠡᠯᠡᠭᠰᠡᠨ ᠴᠠᠭ᠄
2025/2/25
   ᠴᠠᠭᠠᠨ ᠰᠠᠷ᠎ᠠ ᠥᠩᠭᠡᠷᠡᠮᠡᠭᠴᠡ᠂ ᠲᠠᠶᠢᠹᠤᠰᠧ ᠬᠤᠰᠢᠭᠤᠨ ᠤ ᠶᠡᠭᠡ ᠪᠠᠭ᠎ᠠ ᠠᠵᠤ ᠠᠬᠤᠶᠢᠯᠠᠯ ᠤᠳ ᠨᠢ ᠦᠳᠲᠡᠷ ᠲᠦᠷᠭᠡᠨ ᠦᠢᠯᠡᠳᠪᠦᠷᠢᠯᠡᠯ ᠢᠶᠠᠨ ᠰᠡᠷᠭᠦᠭᠡᠵᠦ᠂ ᠲᠦᠷᠦᠬᠦᠦ ᠤᠯᠠᠷᠢᠯ ᠤᠨ ︽ᠰᠠᠶᠢᠨ ᠡᠬᠢᠯᠡᠯᠲᠡ︾᠎ ᠶᠢ ᠪᠡᠶᠡᠯᠡᠬᠦᠯᠬᠦ ᠎ ᠪᠠᠷ  ᠪᠦᠬᠦ ᠬᠦᠴᠦᠨ ᠢᠶᠠᠷ ᠢᠶᠠᠨ ᠴᠢᠷᠮᠠᠶᠢᠵᠠᠭᠠᠨ᠎ᠠ᠃    ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠬᠦᠶ᠎ᠡ᠂ ᠠᠵᠢᠯᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠶ ᠪᠠᠶᠢᠳᠠᠯ ᠢᠶᠠᠷ ᠦᠪᠡᠷ ᠦᠪᠡᠷ ᠤᠨ ᠠᠵᠢᠯ ᠤᠨ ᠪᠠᠶᠢᠷᠢ ᠳᠠᠭᠠᠨ ᠶᠠᠭᠠᠷᠠᠵᠠᠭᠠᠵᠤ᠂ ᠦᠢᠯᠡᠳᠪᠦᠷᠢᠯᠡᠯ ᠤᠨ ᠲᠠᠰᠤᠭ ᠲᠤ ᠬᠦᠷ ᠬᠦᠭᠵᠢᠶᠡᠨ ᠢᠶᠠᠷ ᠪᠢᠯᠬᠠᠨ᠎ᠠ᠃ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠣᠣ ᠹᠦ᠋ ᠴᠧᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠥᠨᠥᠳᠥᠷ ᠪᠣᠯ ᠮᠠᠨ ᠤ ᠠᠵᠢᠯ ᠢᠶᠠᠨ ᠰᠡᠷᠭᠦᠭᠡᠭᠰᠡᠨ ᠠᠩᠬᠠᠨ ᠤ ᠡᠳᠦᠷ᠂ ᠣᠳᠣᠬᠠᠨ ᠳᠤ ᠮᠠᠨ ᠤ ᠪᠣᠶ ᠪᠦᠬᠦᠢ ᠦᠢᠯᠡᠳᠪᠦᠷᠢᠯᠡᠯ ᠤᠨ ᠱᠤᠭᠤᠮ ᠨᠢ ᠡᠷᠴᠢᠮᠳᠡᠢ ᠶᠠᠪᠤᠭᠳᠠᠵᠤ ᠪᠠᠶᠢᠨ᠎ᠠ᠂ ᠰᠢᠨ᠎ᠡ ᠨᠢᠭᠡ ᠵᠢᠯ ᠳᠤ ᠮᠠᠨ ᠤ ᠺᠣᠮᠫᠠᠨᠢ ᠶᠢᠨ ᠎ ᠬᠢᠨ ᠦᠨᠡᠨᠴᠢ ᠢᠲᠡᠭᠡᠮᠵᠢᠲᠡᠢ ᠪᠠᠶᠢᠬᠤ᠂ ᠶᠠᠰᠤ ᠴᠢᠨᠠᠷ ᠢ ᠳᠡᠭᠡᠳᠦᠯᠡᠬᠦ ᠡᠵᠡᠩᠨᠡᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠦᠢᠯᠡᠳᠬᠦᠨ ᠤ ᠪᠠᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂  ᠵᠠᠬ᠎ᠠ ᠵᠡᠭᠡᠯᠢ ᠶᠢᠨ ᠬᠡᠷᠡᠭᠴᠡᠭᠡ ᠶᠢ ᠬᠠᠩᠭᠠᠬᠤ ᠶᠢᠨ ᠬᠠᠮᠳᠤ  ᠦᠢᠯᠡᠳᠬᠦᠨ ᠤ ᠪᠠᠨ ᠪᠦᠲᠦᠴᠡ ᠶᠢ ᠰᠢᠯᠢᠳᠡᠭᠵᠢᠭᠦᠯᠵᠦ᠂ ᠨᠠᠷᠠᠲᠤ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︾ ᠬᠡᠯ᠎ᠡ᠃     ᠭᠧ ᠷᠦᠢ ᠳ᠋ᠧ ᠲᠦᠮᠦᠰᠦᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠷ᠎ᠡ ᠪᠤᠶᠢᠵᠢᠭᠤᠯᠬᠤ ᠲᠥᠪ ᠲᠤ᠂  ᠮᠡᠷᠭᠡᠵᠢᠯ ᠤᠨ ᠠᠵᠢᠯᠳᠠᠳ ᠳᠤᠯᠠᠭᠠᠨ ᠤ ᠬᠡᠮᠵᠢᠶ᠎ᠡ ᠬᠢᠭᠡᠳ ᠴᠢᠭᠢᠭ ᠤᠨ ᠬᠡᠮᠵᠢᠶ᠎ᠡ ᠶᠢ ᠨᠠᠷᠢᠯᠢᠭ ᠣᠨᠣᠴᠠᠲᠠᠶ ᠲᠣᠬᠢᠷᠠᠭᠤᠯᠤᠨ᠂ ᠬᠤᠤᠷ ᠥᠬᠡᠶᠢᠳᠡᠭᠦᠯᠦᠭᠰᠡᠨ ᠲᠦᠮᠦᠰᠦᠨ ᠤ ᠦᠷ᠎ᠡ ᠪᠤᠶᠢᠵᠢᠭᠤᠯᠬᠤ ᠪᠦᠬᠦᠶᠢᠯᠡ ᠶᠠᠪᠤᠴᠠ ᠶᠢ ᠪᠣᠯᠪᠠᠰᠤᠷᠠᠩᠭᠤᠶ ᠶᠠᠪᠤᠭᠳᠠᠭᠤᠯᠵᠤ ᠪᠠᠶᠢᠯ᠎ᠠ᠃  ᠺᠣᠮᠫᠠᠨᠢ ᠶᠢᠨ ᠬᠠᠷᠢᠭᠤᠴᠠᠯᠭᠠᠳᠠᠨ ᠯᠢ ᠮᠧᠩ ᠮᠧᠩ᠄ ︽ᠮᠠᠨ ᠤ ᠺᠤᠮᠫᠠᠨᠢ ᠰᠢᠨ᠎ᠡ ᠶᠢᠨ ᠲᠤᠯᠤᠭᠠᠨ ᠠᠴᠠ ᠠᠵᠢᠯ ᠢᠶᠠᠨ ᠰᠡᠷᠬᠦᠭᠡᠵᠡᠢ᠂ ᠡᠨᠡ ᠵᠢᠯ ᠤᠨ ᠡᠭᠦᠷᠭᠡ ᠪᠤᠯ 8000 ᠲᠦᠮᠡᠨ ᠲᠦᠮᠦᠰᠦᠨ ᠤ ᠦᠷ᠎ᠡ ᠶᠢ ᠪᠤᠶᠢᠵᠢᠭᠤᠯᠵᠤ᠂ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠳᠤ ᠭᠡᠷᠡᠭᠯᠡᠬᠦ ᠲᠦᠮᠦᠰᠦᠨ ᠤ ᠦᠷ᠎ᠡ ᠶᠢ ᠬᠠᠩᠭᠠᠬᠤ ᠶᠠᠪᠤᠳᠠᠯ ᠪᠤᠯᠤᠨ᠎ᠠ︾  ᠬᠡᠵᠦ ᠲᠠᠨᠢᠯᠴᠠᠭᠤᠯᠤᠯ᠎ᠠ᠃    ᠲᠠᠶᠢᠪᠤᠰᠧ ᠬᠤᠰᠢᠭᠤᠨ ᠤ ᠨᠤᠲᠤᠭ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠬᠤᠩ ᠵᠢᠩ ᠶᠤᠸᠠᠨ ᠢᠳᠡᠰᠢᠨ ᠲᠤᠰᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨ ᠴᠠᠭᠠᠨ ᠰᠠᠷ᠎ᠠ ᠦᠩᠭᠡᠷᠡᠮᠡᠭᠴᠡ ᠡᠷᠲᠡᠬᠡᠨ ᠠᠵᠢᠯ ᠢᠶᠠᠨ ᠰᠡᠷᠭᠦᠭᠡᠵᠦ᠂ ᠦᠢᠯᠡᠳᠪᠦᠷᠢᠯᠡᠯ ᠢᠶᠠᠨ ᠲᠦᠷᠭᠡᠳᠭᠡᠨ᠂ ᠵᠠᠬᠢᠶᠠᠯᠠᠭ᠎ᠠ ᠪᠠᠨ ᠨᠡᠮᠡᠭᠳᠡᠬᠦᠯᠦᠨ᠎ᠡ᠃  ᠠᠦ᠋ᠲᠴᠢᠯᠠᠭᠰᠠᠨ ᠦᠢᠯᠡᠳᠪᠦᠷᠢᠯᠡᠯ ᠤᠨ ᠲᠠᠰᠤᠭ ᠲᠤ᠂ ᠮᠠᠰᠢᠨ ᠮᠧᠬᠠᠨᠢᠭ ᠤᠨ ᠲᠠᠭᠤᠨ ᠬᠦᠩᠭᠢᠨᠡᠵᠦ᠂  ᠶᠠᠮᠠ ᠶᠢᠨ ᠲᠣᠰᠣᠨ ᠤ ᠦᠨᠦᠷ  ᠠᠩᠬᠢᠯᠤᠨ᠂ ᠠᠵᠢᠯᠴᠢᠳ ᠵᠠᠬᠢᠶᠠᠯᠠᠭ᠎ᠠ ᠶᠢᠨ ᠬᠠᠭᠤᠳᠠᠰᠤ ᠶᠤᠰᠤᠭᠠᠷ ᠯᠤᠩᠬᠤ ᠯᠤᠩᠬᠤ ᠲᠤᠰᠤ ᠎ ᠶᠢ ᠰᠠᠪᠠᠯᠠᠵᠤ᠂  ᠵᠠᠬ᠎ᠠ ᠵᠡᠭᠡᠯᠢ ᠳᠤ ᠭᠠᠷᠭᠠᠬᠤ ᠪᠠᠷ ᠪᠡᠯᠡᠳᠭᠡᠨ᠎ᠡ᠃  ᠺᠣᠮᠫᠠᠨᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠡᠯᠲᠡᠰ ᠤᠨ ᠳᠠᠭᠠᠭᠠᠮᠠᠯ ᠬᠤ᠋ ᠯᠢᠶᠠᠩ ᠤ ᠬᠡᠯᠡᠬᠦ ᠪᠠᠷ ᠡᠳᠡᠨ ᠤ ᠬᠢᠨ ᠮᠦᠨ ᠴᠠᠭᠠᠨ ᠰᠠᠷ᠎ᠠ ᠶᠢᠨ ᠰᠢᠨ᠎ᠡ ᠶᠢᠨ ᠲᠤᠯᠤᠭᠠᠨ ᠠᠴᠠ ᠠᠵᠢᠯ  ᠦᠢᠯᠡᠳᠪᠦᠷᠢᠯᠡᠯ ᠢᠶᠠᠨ ᠰᠡᠷᠬᠦᠭᠡᠭᠡᠳ᠂ ᠵᠠᠬ᠎ᠠ ᠵᠡᠭᠡᠯᠢ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠴᠠᠭ  ᠨᠡᠮᠡᠨ ᠠᠵᠢᠯᠯᠠᠵᠤ ᠪᠤᠢ ᠬᠡᠨ᠎ᠡ᠂ ᠡᠨᠡ ᠵᠢᠯ ᠪᠠᠰᠠ ᠮᠠᠰᠢᠨ ᠲᠥᠬᠦᠭᠡᠷᠦᠮᠵᠢ ᠪᠠᠨ ᠰᠢᠨᠡᠴᠢᠯᠡᠵᠦ᠂ ᠦᠢᠯᠡᠳᠬᠦᠨ ᠤ ᠪᠠᠨ ᠶᠠᠰᠤ ᠴᠢᠨᠠᠷ ᠢ ᠰᠠᠶᠢᠵᠢᠷᠠᠭᠤᠯᠬᠤ ᠪᠠᠷ  ᠲᠦᠯᠦᠪᠯᠡᠭᠰᠡᠨ ᠪᠠᠶᠢᠨ᠎ᠠ  ᠃    ᠲᠠᠶᠢᠹᠤᠰᠧ ᠬᠤᠰᠢᠭᠤᠨ ᠤ ᠦᠨᠳᠦᠰᠦᠲᠡᠨ ᠤ ᠢᠳᠡᠭᠡᠨ ᠤ ᠦᠢᠯᠡᠳᠪᠦᠷᠢ ᠪᠣᠯ ᠬᠠᠲᠠᠭᠠᠭᠰᠠᠨ ᠪᠤᠷᠴᠠ᠂ ᠴᠠᠭᠠᠨ ᠢᠳᠡᠭᠡ ᠪᠣᠯᠪᠠᠰᠤᠷᠠᠭᠤᠯᠬᠤ ᠪᠠᠷ ᠭᠤᠤᠯ ᠪᠤᠯᠭᠠᠭᠰᠠᠨ ᠠᠵᠤ ᠠᠬᠤᠶᠢᠯᠠᠯ ᠶᠤᠮ᠃ ᠴᠠᠭᠠᠨ ᠢᠳᠡᠭᠡᠨ ᠤ ᠦᠢᠯᠡᠳᠪᠦᠷᠢ ᠶᠢᠨ ᠲᠠᠰᠤᠭ ᠲᠤ᠂ ᠠᠵᠢᠯᠴᠢᠳ ᠶᠠᠭ ᠨᠢᠭᠡᠳᠦᠯᠲᠡᠶ ᠠᠵᠢᠯ ᠤᠨ ᠬᠤᠪᠴᠠᠰᠤ ᠡᠮᠦᠰᠦᠨ᠂ ᠠᠮᠠᠪᠴᠢ ᠵᠡᠬᠦᠭᠡᠳ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠠᠭᠠᠷᠠᠯᠳᠤᠵᠤ᠂ ᠨᠠᠷᠢᠯᠢᠭ ᠦᠢᠯᠡᠳᠪᠦᠷᠢᠯᠡᠭᠰᠡᠨ ᠴᠠᠭᠠᠨ ᠢᠳᠡᠭᠡ ᠪᠠᠨ  ᠤᠭᠤᠭᠳᠠ ᠤᠭᠤᠳᠠ ᠪᠠᠷ ᠰᠠᠯᠭᠠᠨ ᠪᠠᠭᠯᠠᠨ᠎ᠠ᠃ ︽ᠵᠢᠯ ᠠᠴᠠ ᠡᠮᠦᠨ᠎ᠡ ᠪᠡᠶᠡᠯᠡᠬᠦᠯᠵᠦ ᠠᠮᠵᠢᠭᠠᠳᠤᠢ ᠨᠢᠬᠡ ᠪᠦᠯᠦᠭ ᠵᠠᠬᠢᠶᠠᠯᠠᠭ᠎ᠠ ᠪᠠᠨ ᠣᠲᠣ ᠶᠠᠭ ᠪᠥᠬᠦ ᠬᠦᠴᠦᠨ ᠢᠶᠠᠷ ᠱᠠᠯᠠᠪᠳᠠᠨ ᠪᠡᠶᠡᠯᠡᠭᠦᠯᠵᠦ ᠪᠠᠶᠢᠨ᠎ᠠ᠂ ᠡᠨᠡ ᠵᠢᠯ ᠤᠨ ᠦᠢᠯᠡᠳᠪᠦᠷᠢᠯᠡᠯ  ᠨᠢᠳᠤᠨᠤᠨ ᠤ ᠬᠢ ᠠᠴᠠ ᠪᠠᠷᠤᠭ 30%᠎ ᠪᠠᠷ ᠨᠡᠮᠡᠭᠳᠡᠬᠦ ᠪᠣᠯᠤᠨ᠎ᠠ᠂ ᠪᠠᠰᠠ ᠨᠢᠭᠡ ᠬᠡᠰᠡᠭ ᠰᠢᠨ᠎ᠡ ᠪᠦᠲᠦᠭᠡᠭᠳᠡᠬᠦᠨ ᠢ ᠭᠠᠷᠭᠠᠵᠤ᠂ ᠥᠷᠭᠡᠨ ᠣᠯᠠᠨ ᠬᠡᠷᠡᠭᠯᠡᠭᠴᠢᠳ ᠤᠨ ᠬᠡᠷᠡᠭᠴᠡᠭᠡ ᠶᠢ ᠬᠠᠩᠭᠠᠬᠤ ᠪᠠᠷ ᠴᠢᠷᠮᠠᠶᠢᠨ᠎ᠠ︾ ᠭᠡᠵᠦ ᠦᠢᠯᠡᠳᠪᠦᠷᠢ ᠶᠢᠨ  ᠲᠠᠭᠠᠭᠠᠮᠠᠯ ᠵᠠᠩ ᠵᠢᠶᠠᠨ ᠪᠢᠨ ᠰᠤᠷᠪᠤᠯᠵᠢᠯᠠᠭᠴᠢ ᠳᠤ ᠶᠠᠷᠢᠨ᠎ᠠ᠃      ᠡᠶᠢᠨ ᠬᠦ᠋᠂  ᠲᠠᠶᠢᠹᠤᠰᠧ ᠬᠤᠰᠢᠭᠤᠨ ᠤ ᠶᠡᠭᠡ ᠪᠠᠭ᠎ᠠ ᠠᠵᠤ ᠠᠬᠤᠶᠢᠯᠠᠯ ᠪᠦᠬᠦᠨ ᠨᠢ ᠠᠵᠢᠯ ᠦᠢᠯᠡᠳᠪᠦᠷᠢᠯᠡᠯ ᠢᠶᠠᠨ ᠰᠡᠷᠬᠦᠬᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ ᠢᠶᠠᠷ ᠪᠠᠷᠠᠬᠤ ᠥᠬᠡᠶ  ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠤᠢ᠃ 2025 ᠣᠨ ᠳᠤ᠂ ᠲᠠᠶᠢᠹᠤᠰᠧ ᠬᠤᠰᠢᠭᠤᠨ ᠤ ᠬᠢᠨ ᠢᠲᠡᠭᠡᠯ ᠵᠣᠷᠢᠭ ᠢᠶᠠᠨ ᠪᠠᠳᠤᠳᠬᠠᠨ᠂ ︽ᠠᠵᠢᠯᠯᠠᠬᠤ︾᠎ ᠶᠢ ᠲᠡᠷᠢᠭᠦᠨ ᠳᠤ ᠲᠠᠯᠪᠢᠵᠤ᠂ ᠤᠨᠢᠨ ᠲᠡᠭᠡᠷ᠎ᠡ ᠨᠢ ᠬᠦᠴᠦᠯᠡᠨ᠂ ᠬᠦᠴᠢᠷ ᠪᠡᠷᠭᠡᠰᠢᠶᠡᠯ ᠢ ᠳᠠᠪᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠤᠮᠳᠠᠬᠢ ᠬᠦᠴᠢᠷᠳᠡᠯ ᠢ ᠢᠳᠡᠪᠬᠢᠲᠡᠢ ᠰᠢᠢᠳᠪᠦᠷᠢᠯᠡᠨ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ ᠤ ᠥᠨᠳᠥᠷ ᠪᠦᠲᠦᠮᠵᠢᠲᠡᠢ ᠵᠡᠷᠭᠡ ᠪᠠᠷ ᠶᠠᠪᠤᠭᠳᠠᠬᠤ ᠶᠢ ᠠᠬᠢᠭᠤᠯᠵᠤ᠂ ︽ᠡᠬᠢᠯᠡᠯᠲᠡ ᠪᠤᠯ ᠳᠠᠷᠤᠢ ᠰᠢᠪᠲᠤᠯᠬᠤ︾ ᠭᠡᠮᠡᠬᠦ ᠪᠠᠶᠢᠳᠠᠯ ᠢᠶᠠᠷ ᠬᠤᠷᠳᠤᠴᠠ ᠪᠠᠨ ᠲᠦᠷᠭᠡᠳᠭᠡᠵᠦ ᠠᠮᠵᠢᠯᠲᠠ ᠪᠠᠨ ᠨᠡᠮᠡᠭᠳᠡᠬᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号