ᠲᠠᠶᠢᠹᠤᠰᠧ ᠬᠤᠰᠢᠭᠤ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/2/27
  ᠠᠵᠤ ᠠᠬᠤᠶᠢᠯᠠᠯ ᠢ ᠬᠠᠪᠰᠤᠷᠬᠤ ᠠᠵᠢᠯᠯᠠᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠳᠠᠭ᠃ ᠲᠠᠶᠢᠹᠤᠰᠧ ᠬᠤᠰᠢᠭᠤᠨ ᠤ ᠬᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠤᠷᠤᠭᠰᠢᠯᠠᠬᠤ ᠳᠠᠷᠤᠪᠴᠢ︾᠎ ᠶᠢ ᠢᠳᠡᠪᠬᠢᠳᠡᠢ ᠳᠠᠷᠤᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠤᠨ ᠤ ︽ᠰᠠᠶᠢᠨ ᠡᠬᠢᠯᠡᠯᠲᠡ︾᠎ ᠶᠢ ᠬᠦᠴᠦᠯᠡᠨ ᠠᠬᠢᠭᠤᠯᠵᠤ ᠪᠠᠶᠢᠨ᠎ᠠ᠃     ᠥᠪᠥᠷ ᠮᠣᠩᠭᠤᠯ ᠤᠨ ᠺᠧ ᠲᠠᠢ ᠯᠦᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠬᠦ ᠳᠤ᠂ ᠮᠠᠰᠢᠨ ᠮᠧᠬᠠᠨᠢᠭ ᠤᠨ ᠳᠠᠭᠤᠨ ᠬᠦᠩᠬᠢᠨᠡᠵᠦ᠂ ᠦᠢᠯᠡᠳᠪᠦᠷᠢᠯᠡᠯ ᠤᠨ ᠱᠤᠭᠤᠮ ᠤᠳ ᠡᠮᠬᠢ ᠵᠢᠷᠤᠮ ᠲᠠᠢ ᠶᠠᠪᠤᠭᠳᠠᠨ᠂ ᠠᠵᠢᠯᠴᠢᠳ ᠤᠨ ᠡᠷᠴᠢ ᠵᠣᠷᠢᠭ ᠲᠡᠭᠦᠯᠳᠡᠷ ᠪᠠᠶᠢᠵᠤ᠂  ᠬᠦᠭᠵᠢᠶᠡᠨᠳᠡᠢ ᠮᠦᠷᠳᠡᠭᠡᠨ ᠶᠠᠭᠠᠷᠠᠯᠲᠠᠢ ᠪᠠᠶᠢᠳᠠᠯ ᠬᠠᠷᠠᠭᠳᠠᠨ᠎ᠠ᠃ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠵᠧ ᠬᠡᠯᠡᠬᠦ ᠳᠡᠭᠡᠨ ︽  ᠦᠢᠯᠡᠳᠪᠦᠷᠢᠯᠡᠯ ᠰᠡᠷᠬᠦᠭᠡᠭᠰᠡᠨ ᠠᠴᠠ ᠨᠠᠰᠢ᠂ ᠬᠤᠰᠢᠭᠤᠨ ᠤ ᠤᠯᠠᠨ ᠰᠠᠯᠠᠭ᠎ᠠ ᠮᠦᠴᠢᠷ ᠤᠨ ᠬᠢᠨ ᠠᠵᠤ ᠠᠬᠤᠶᠢᠯᠠᠯ ᠳᠤ ᠬᠦᠨᠵᠡᠬᠡᠶᠢᠷᠡᠨ ᠬᠦᠴᠢᠷ ᠵᠣᠪᠠᠯᠠᠩ ᠢ ᠰᠢᠢᠳᠪᠦᠷᠢᠯᠡᠵᠦ᠂ ᠪᠢᠳᠡᠨ ᠳᠤ ᠮᠠᠰᠢ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠬᠦᠯᠦᠭᠰᠡᠨ᠂  ᠮᠠᠨ ᠤ ᠺᠤᠮᠫᠠᠨᠢ ᠶᠢᠨ ᠣᠳᠣᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠮᠠᠰᠢ ᠰᠠᠶᠢᠨ ᠪᠠᠶᠢᠭ᠎ᠠ᠂ ᠵᠢᠱᠢᠯᠲᠡ ᠪᠠᠷ ᠡᠨᠡ ᠵᠢᠯ  2500 ᠰᠠᠤᠷᠢ ︵ᠢᠵᠢ︶  ᠤᠰᠤ ᠰᠢᠢᠳᠪᠦᠷᠢᠯᠡᠬᠦ ᠲᠥᠬᠦᠭᠡᠷᠦᠮᠵᠢ ᠶᠢ ᠦᠢᠯᠡᠳᠪᠦᠷᠢᠯᠡᠨ  ᠂ 8000 ᠲᠦᠮᠡ ᠭᠠᠷᠤᠢ ᠲᠦᠬᠦᠷᠢᠭ ᠤᠨ ᠦᠢᠯᠡᠳᠪᠦᠷᠢᠯᠡᠯ ᠤᠨ ᠥᠷᠲᠡᠭ ᠪᠡᠶᠡᠯᠡᠬᠦᠯᠵᠦ᠂  500 ᠲᠦᠮᠡᠨ ᠲᠥᠭᠦᠷᠢᠭ ᠠᠴᠠ ᠲᠡᠭᠡᠭᠰᠢ ᠭᠠᠶᠢᠯᠢ ᠲᠤᠰᠢᠶᠠᠨ᠎ᠠ︾ ᠬᠡᠯ᠎ᠡ᠃      ᠣᠶᠢᠯᠠᠭᠠᠭᠰᠠᠨ ᠢᠶᠠᠷ᠂ ᠲᠠᠶᠢᠹᠤᠰᠧ ᠬᠤᠰᠢᠭᠤ ᠨᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯ ᠢᠶᠠᠨ ᠵᠤᠭᠰᠤᠬᠤ ᠦᠬᠡᠢ ᠠᠵᠤ ᠠᠬᠤᠶᠢᠯᠠᠯ ᠤᠨ ᠡᠷᠬᠢᠯᠳᠡ ᠶᠢᠨ ᠪᠠᠶᠢᠳᠠᠯ ᠪᠠ ᠠᠶᠢᠮᠠᠭ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠲᠥᠯᠥᠪᠯᠡᠭᠡ ᠶᠢ ᠡᠷᠳᠡ ᠠᠴᠠ ᠪᠠᠶᠢᠴᠠᠭᠠᠨ ᠡᠮᠬᠢᠯᠡᠵᠦ  ᠠᠵᠢᠯ ᠢᠶᠠᠨ ᠡᠬᠢᠯᠡᠬᠦᠯᠬᠦ ᠳᠤ ᠰᠠᠶᠢᠨ ᠪᠡᠯᠡᠳᠬᠡᠯ ᠢ ᠬᠢᠭᠰᠡᠨ ᠪᠠᠶᠢᠨ᠎ᠠ᠃ ᠴᠠᠭᠠᠨ ᠰᠠᠷ᠎ᠠ ᠦᠩᠭᠡᠷᠡᠮᠡᠭᠴᠡ ᠠᠵᠤ ᠠᠬᠤᠶᠢᠯᠠᠯ ᠢ ᠴᠠᠭ ᠲᠤᠬᠠᠢ ᠳᠤᠨᠢ ᠡᠷᠬᠢᠨ ᠰᠤᠷᠪᠤᠯᠵᠢᠯᠠᠵᠤ᠂ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠵᠢᠴᠢ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠵᠡᠷᠭᠡ ᠶᠢ ᠪᠥᠬᠦ ᠲᠠᠯ᠎ᠠ ᠪᠠᠷ ᠤᠶᠢᠯᠠᠭᠠᠨ᠂ ᠠᠵᠤ ᠠᠬᠤᠶᠢᠯᠠᠯ ᠢ ᠬᠠᠪᠰᠤᠷᠤᠨ ᠡᠯ᠎ᠡ ᠲᠥᠷᠥᠯ ᠤᠨ ᠠᠰᠠᠭᠤᠳᠠᠯ ᠢ ᠨᠢ ᠰᠢᠢᠳᠪᠦᠷᠢᠯᠡᠵᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠬᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠵᠢᠴᠢ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠬᠤ ᠪᠠᠷ  ᠲᠠᠮᠵᠢᠭᠠᠳ ᠠᠵᠤ ᠠᠬᠤᠶᠢᠯᠠᠯ ᠤᠨ ᠠᠯᠢ ᠲᠦᠷᠭᠡᠨ ᠢᠶᠠᠷ ᠠᠵᠢᠯ ᠢᠶᠠᠨ ᠰᠡᠷᠭᠦᠭᠡᠬᠦ ᠶᠢ ᠵᠣᠷᠢᠭᠵᠢᠭᠤᠯᠤᠨ ᠵᠢᠯᠤᠭᠤᠳᠴᠠᠢ᠃       ᠲᠠᠶᠢᠹᠤᠰᠧ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠦᠢᠯᠡᠴᠢᠯᠡᠭᠡᠨ ᠤ ᠲᠦᠪ ᠤᠨ ᠡᠷᠬᠢᠯᠡᠭᠴᠢ ᠶᠤᠸᠠᠨ ᠵᠢᠶᠦ᠋ᠨ ᠵᠢᠶᠧ᠄ ︽ᠮᠠᠨ ᠤ ᠬᠤᠰᠢᠭᠤ ᠨᠢ ᠪᠥᠬᠦ ᠠᠶᠢᠮᠠᠭ ᠤᠨ ︿ᠠᠵᠤ ᠠᠬᠤᠶᠢᠯᠠᠯ ᠢ ᠬᠠᠪᠰᠤᠷᠬᠤ ᠠᠵᠢᠯᠯᠠᠭᠠᠨ﹀  ᠎ ᠤ ᠲᠦᠰᠦᠪ ᠤᠨ ᠲᠣᠭᠤᠷᠢᠨ ᠳᠤ ᠤᠷᠢᠳᠴᠢᠯᠠᠨ ᠪᠠᠶᠢᠷᠢᠯᠠᠭᠤᠯᠵᠤ ᠤᠨᠤᠪᠴᠢᠳᠠᠢ ᠲᠤᠬᠢᠷᠠᠭᠤᠯᠤᠨ᠂ ᠠᠵᠤ ᠠᠬᠤᠶᠢᠯᠠᠯ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠥᠬᠦ ᠣᠷᠣᠨ ᠤ ︿ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠶᠠᠷᠢᠶᠠᠨ ᠤ ᠲᠠᠪᠴᠠᠩ﹀ ᠵᠡᠷᠭᠡ ᠪᠣᠯᠪᠠᠰᠤᠷᠠᠯ ᠤᠨ ᠠᠵᠠ ᠲᠣᠬᠢᠶᠠᠯ ᠢ ᠠᠰᠢᠭᠯᠠᠨ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠳᠤ ᠪᠠᠲᠤᠯᠠᠭ᠎ᠠ ᠪᠠ ᠦᠢᠯᠡᠴᠢᠯᠡᠭᠡ ᠬᠠᠩᠭᠠᠵᠠᠢ᠂ ᠣᠲᠣ ᠪᠣᠯᠲᠠᠯ᠎ᠠ ᠪᠥᠬᠦ ᠬᠤᠰᠢᠭᠤᠨ ᠤ 16 ᠡᠷᠦᠭᠡ  ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠪᠦᠷ ᠠᠵᠢᠯ ᠢᠶᠠᠨ ᠰᠡᠷᠭᠦᠭᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠵᠤ ᠪᠤᠢ︾᠃      2025 ᠣᠨ ᠳᠤ ᠲᠠᠶᠢᠹᠤᠰᠧ ᠬᠤᠰᠢᠭᠤᠨ ᠤ ᠬᠢᠨ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 62᠎ ᠢ ᠲᠣᠬᠢᠷᠠᠭᠤᠯᠵᠤ᠂ ᠵᠢᠯ ᠎ ᠳᠤ 62.82 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠦᠯᠦᠪᠯᠡᠭᠰᠡᠨ ᠪᠠᠶᠢᠨ᠎ᠠ  ᠃ ᠡᠭᠦᠨ ᠳᠤ ᠨᠢᠭᠡᠨᠲᠡ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ  ᠎ ᠳᠤ ᠨᠢᠭᠡᠨᠳᠡ 10᠎ ᠨᠢ ᠤᠷᠤᠭᠠᠳ  ᠂ ᠶᠡᠷᠦᠩᠬᠡᠢ ᠪᠡᠯᠡ ᠣᠷᠣᠭᠤᠯᠤᠯᠲᠠ ᠨᠢ 78.45 ᠳ᠋ᠦᠩᠰᠢᠭᠤᠷ ᠲᠥᠭᠦᠷᠢᠭ ᠲᠤ ᠬᠦᠷᠴᠦ᠂  ᠡᠨᠡ ᠵᠢᠯ 15.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠪᠠᠶᠢᠭ᠎ᠠ  ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ︽ᠠᠵᠤ ᠠᠬᠤᠶᠢᠯᠠᠯ ᠢ ᠬᠠᠪᠰᠤᠷᠬᠤ ᠠᠵᠢᠯᠯᠠᠭ᠎ᠠ︾᠎ ᠶᠢ ᠦᠷᠬᠦᠯᠵᠢᠯᠡᠨ ᠪᠥᠬᠦ ᠬᠦᠴᠦᠨ ᠢᠶᠠᠷ ᠬᠡᠷᠡᠭᠵᠢᠭᠦᠯᠵᠦ᠂ ᠠᠵᠤ ᠠᠬᠤᠶᠢᠯᠠᠯ ᠳᠤ ᠦᠢᠯᠡᠴᠢᠯᠡᠬᠦ ᠪᠠᠨ ᠤᠯᠠᠮ ᠴᠢᠩᠭᠠᠳᠬᠠᠨ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠲᠠᠰᠤᠷᠠᠯᠲᠠ ᠥᠬᠡᠶ ᠨᠡᠮᠡᠭᠳᠡᠬᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号