ᠲᠠᠶᠢᠹᠤᠰᠧ ᠬᠤᠰᠢᠭᠤ ᠲᠦᠷᠦ ᠶᠢᠨ ᠪᠤᠳᠤᠯᠭ᠎ᠠ ᠶᠢᠨ ︽ᠬᠠᠮ ᠠᠷᠭ᠎ᠠ︾᠎ ᠪᠠᠷ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠠᠵᠢᠯ ᠤᠯᠤᠯᠳᠠ ᠶᠢ ᠲᠤᠭᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2025/2/27
  ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠠᠵᠢᠯ ᠪᠠᠶᠢᠵᠤ᠂ ᠨᠢᠭᠡ ᠲᠠᠯ᠎ᠠ ᠪᠠᠷ ᠠᠵᠤ ᠠᠬᠤᠶ ᠶᠢᠨ ᠬᠥᠭᠵᠢᠯᠲᠡ ᠲᠠᠢ ᠬᠤᠯᠪᠤᠭᠳᠠᠨ᠂ ᠨᠥᠭᠦᠭᠡ ᠲᠠᠯ᠎ᠠ ᠪᠠᠷ ᠠᠷᠠᠳ ᠣᠯᠠᠨ ᠤ ᠠᠵᠠ ᠵᠢᠷᠭᠠᠯ ᠲᠠᠢ ᠬᠤᠯᠪᠣᠭᠳᠠᠵᠤ ᠪᠠᠶᠢᠳᠠᠭ᠃ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠣᠯᠠᠨ ᠲᠦᠮᠡᠨ ᠤ ᠲᠤᠭᠳᠠᠭᠤᠨ ᠎ ᠢᠶᠠᠷ ᠠᠵᠢᠯ ᠣᠯᠬᠤ ᠶᠢ ᠵᠣᠷᠢᠭᠵᠢᠭᠤᠯᠬᠤ ᠶᠢᠨ ᠲᠥᠯᠥᠭᠡ᠂ ᠣᠶᠢᠷ᠎ᠠ ᠶᠢᠨ ᠵᠢᠯ ᠳᠤ ᠲᠠᠶᠢᠹᠤᠰᠧ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ︽ᠨᠢᠭᠡ ᠯᠡ ᠤᠳᠠᠭᠠᠨ ᠤ ᠴᠢᠨᠠᠷᠳᠠᠢ ᠵᠠᠮ ᠬᠠᠷᠢᠯᠴᠠᠭᠠᠨ ᠤ ᠨᠥᠬᠦᠪᠥᠷᠢ︾᠂ ︽ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ︾᠂ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠠᠵᠢᠯᠲᠠᠨ ᠡᠯᠰᠡᠬᠦ ᠲᠤᠰᠬᠠᠢ ᠴᠤᠭᠯᠠᠭᠠᠨ︾᠂ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠪᠣᠯᠪᠠᠰᠤᠷᠠᠯ ᠤᠨ ᠠᠩᠭᠢ︾ ᠵᠡᠷᠭᠡ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾᠎ ᠪᠠᠷ ᠲᠠᠮᠵᠢᠭᠠᠳ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠢ ᠬᠠᠪᠰᠤᠷᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠨᠢ ᠥᠷᠭᠡᠳᠬᠡᠵᠦ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃     ᠪᠤᠤᠴᠠᠩ ᠪᠠᠯᠭᠠᠰᠤᠨ ᠤ ᠦ᠋ ᠹᠦ᠋ ᠲᠣᠰᠬᠤᠨ ᠳᠤ ᠬᠦᠷᠬᠦ ᠳᠤ᠂ ᠲᠣᠰᠬᠤᠨ ᠤ ᠨᠠᠮ ᠤᠨ ᠡᠭᠦᠷ ᠤᠨ ᠱᠦᠵᠢ ᠶᠠᠩ ᠱᠧᠩ ᠶᠠᠭ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠢᠶᠠᠨ ᠠᠵᠢᠯ ᠤᠯᠤᠭᠰᠠᠨ ᠪᠠᠶᠢᠳᠠᠯ ᠢ ᠪᠠᠶᠢᠴᠠᠭᠠᠨ ᠤᠶᠢᠯᠠᠭᠠᠭᠠᠳ ᠶᠠᠭᠠᠷᠠᠵᠤ ᠪᠠᠶᠢᠯ᠎ᠠ᠃  ᠲᠠᠷᠢᠶᠠᠴᠢᠨ ᠶᠠᠩ ᠰᠢ ᠯᠦ ᠶᠢᠨ ᠭᠡᠷ ᠲᠤ ᠬᠦᠷᠴᠦ᠂ ᠶᠠᠩ ᠱᠦᠵᠢ ᠭᠠᠳᠠᠭᠰᠢ ᠭᠠᠷᠤᠭᠰᠠᠨ ᠶᠠᠩ ᠰᠢ ᠯᠦ ᠲᠠᠢ ᠤᠲᠠᠰᠤ ᠪᠠᠷ ᠬᠠᠷᠢᠯᠴᠠᠵᠤ᠂ ᠲᠡᠭᠦᠨ ᠤ ᠭᠠᠳᠠᠷ ᠣᠷᠣᠨ ᠳᠤ ᠠᠵᠢᠯᠯᠠᠵᠤ ᠪᠠᠶᠢᠭ᠎ᠠ ᠪᠠᠶᠢᠳᠠᠯ ᠢ ᠨᠠᠷᠢᠨ ᠨᠢᠮᠪᠠᠢ ᠯᠠᠪᠯᠠᠨ ᠠᠰᠠᠭᠤᠨ᠎ᠠ᠃    ︽ᠡᠪᠦᠬᠡᠨ ᠮᠠᠨᠢ ᠠᠵᠢᠯ ᠣᠯᠭᠤᠬᠤ ᠲᠤᠪᠴᠢᠶᠠᠨ ᠤ ᠲᠠᠨᠢᠯᠴᠠᠭᠤᠯᠭ᠎ᠠ ᠪᠠᠷ ᠪᠡᠭᠡᠵᠢᠩ ᠳᠤ ᠬᠥᠯᠥᠰᠥᠨ ᠠᠵᠢᠯ ᠬᠢᠬᠦ ᠪᠠᠷ ᠶᠠᠪᠤᠵᠠᠢ᠂ ᠶᠠᠪᠤᠭᠠᠳ ᠪᠠᠷᠤᠭ ᠠᠷᠪᠠᠨ ᠰᠠᠷ᠎ᠠ ᠪᠠᠨ ᠪᠤᠯᠵᠤ ᠪᠤᠢ  ᠂  ᠠᠵᠢᠯ ᠤᠨ ᠴᠠᠯᠢᠩ ᠢᠶᠠᠨ ᠣᠯᠬᠤ ᠠᠴᠠ ᠭᠠᠳᠠᠨ᠎ᠠ᠂ ᠬᠤᠰᠢᠭᠤᠨ ᠤ ᠠᠵᠢᠯ  ᠤᠯᠭᠤᠬᠤ ᠲᠣᠪᠴᠢᠶ᠎ᠠ ᠠᠴᠠ ᠪᠠᠰᠠ 3300 ᠲᠥᠭᠦᠷᠢᠭ ᠤᠨ ᠨᠥᠬᠦᠪᠥᠷᠢ ᠥᠭᠴᠦ᠂ ᠠᠵᠤ ᠠᠬᠤᠶ ᠶᠢᠨ ᠳᠠᠷᠤᠭᠠᠰᠤ ᠶᠢ ᠬᠦᠩᠭᠡᠷᠡᠬᠦᠯᠦᠨ᠂ ᠠᠶᠢᠯ ᠬᠡᠷ ᠤᠨ ᠮᠢᠨᠢ ᠣᠷᠣᠯᠭ᠎ᠠ ᠶᠢ ᠨᠡᠮᠡᠭᠳᠡᠬᠦᠯᠦᠭᠰᠡᠨ ᠶᠤᠮ︾ ᠭᠡᠵᠦ  ᠶᠠᠩ ᠰᠢ ᠯᠦ ᠶᠢᠨ ᠪᠦᠰᠡᠬᠦᠢ ᠨᠢ ᠰᠡᠳᠬᠢᠯ ᠳᠣᠭᠳᠣᠯᠤᠨ ᠶᠠᠷᠢᠯ᠎ᠠ᠃    ᠠᠵᠢᠯ ᠤᠯᠭᠤᠯᠳᠠ ᠪᠠᠷ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ ᠦ᠋ ᠹᠦ᠋ ᠲᠣᠰᠬᠤᠨ ᠤ ︽ᠬᠤᠶᠠᠷ ᠵᠥᠪᠯᠡᠯ︾᠎ ᠤᠨ ᠤᠳᠤᠷᠢᠳᠬᠤ ᠪᠠᠭ ᠨᠢ ᠡᠷᠦᠬᠡ ᠳᠤ ᠣᠷᠣᠵᠤ ᠰᠤᠷᠪᠤᠯᠵᠢᠯᠠᠬᠤ ᠪᠠ  ᠤᠳᠠᠰᠤ ᠪᠠᠷ ᠬᠤᠯᠪᠤᠭᠳᠠᠵᠤ ᠸᠢᠴᠠᠲ ᠪᠠᠷ ᠬᠠᠷᠢᠯᠴᠠᠬᠤ ᠠᠷᠭ᠎ᠠ ᠮᠠᠶ᠋ᠢᠭ ᠢᠶᠠᠷ  ᠭᠠᠳᠠᠭᠰᠢ ᠭᠠᠷᠴᠤ ᠬᠦᠯᠦᠰᠦᠨ ᠠᠵᠢᠯ ᠬᠢᠵᠦ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠬᠥᠮᠦᠰ ᠯᠦᠭᠡ ᠪᠠᠶᠢᠩᠭᠤ ᠬᠠᠷᠢᠯᠴᠠᠵᠤ᠂  ᠲᠡᠳᠡᠨ ᠤ ᠠᠵᠢᠯ ᠣᠯᠤᠯᠲᠠ ᠶᠢᠨ ᠪᠠᠶᠢᠳᠠᠯ ᠢ ᠴᠠᠭ ᠲᠤᠬᠠᠢ ᠳᠤᠨᠢ ᠤᠶᠢᠯᠠᠭᠠᠨ ᠡᠵᠡᠮᠰᠢᠳᠡᠭ ᠪᠠᠶᠢᠨ᠎ᠠ᠃    ᠦ᠋ ᠹᠦ᠋ ᠲᠣᠰᠬᠤᠨ ᠤ ᠨᠠᠮ ᠤᠨ ᠡᠭᠦᠷ ᠤᠨ ᠱᠦᠵᠢ ᠶᠠᠩ ᠱᠧᠩ ᠲᠠᠨᠢᠯᠴᠠᠭᠤᠯᠬᠤ ᠳᠠᠭᠠᠨ᠄ ︽ᠨᠢᠳᠤᠨᠤᠨ ᠮᠠᠨ ᠤ ᠲᠣᠰᠬᠤᠨ 5 ᠬᠥᠮᠦᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢ ᠤᠯᠵᠠᠢ᠂  ᠪᠠᠰᠠ 3 ᠬᠥᠮᠦᠨ ︿ᠨᠢᠭᠡ ᠯᠡ ᠤᠳᠠᠭᠠᠨ ᠤ ᠴᠢᠨᠠᠷᠲᠠᠢ ᠵᠠᠮ ᠬᠠᠷᠢᠯᠴᠠᠭᠠᠨ ᠤ ᠨᠥᠬᠦᠪᠥᠷᠢ﹀᠎ ᠶᠢ ᠬᠦᠷᠳᠡᠭᠰᠡᠨ᠂ ᠬᠥᠮᠦᠨ ᠪᠦᠷᠢ ᠎ ᠶᠢᠨ 300 ᠲᠥᠭᠦᠷᠢᠭ  ᠃ ᠡᠲᠡᠭᠡᠷ ᠲᠥᠷᠥ ᠶᠢᠨ ᠪᠣᠳᠣᠯᠭ᠎ᠠ ᠨᠢ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ  ᠠᠷᠠᠳ ᠢᠷᠭᠡᠳ ᠲᠤ ᠦᠨᠡᠨ ᠪᠣᠳᠠᠲᠠᠶ ᠠᠰᠢᠭ ᠬᠦᠷᠳᠡᠭᠡᠵᠦ ᠪᠠᠶᠢᠨ᠎ᠠ᠂  ᠬᠡᠷ ᠲᠡᠭᠡᠨ ᠵᠦᠭᠡᠷ ᠰᠠᠭᠤᠵᠤ ᠪᠠᠶᠢᠭᠰᠠᠨ ᠬᠥᠮᠦᠰ ᠴᠤ ᠣᠳᠣ ᠭᠠᠳᠠᠭᠰᠢ ᠭᠠᠷᠴᠤ ᠬᠥᠯᠥᠰᠥᠨ ᠠᠵᠢᠯ ᠬᠢᠬᠦ ᠰᠠᠨᠠᠭ᠎ᠠ ᠲᠠᠢ ᠪᠤᠯᠤᠭᠠᠳ ᠤᠴᠢᠷ ᠪᠠᠶᠢᠳᠠᠯ ᠢ ᠠᠰᠠᠭᠤᠨ ᠯᠠᠪᠯᠠᠵᠤ ᠪᠤᠢ︾  ᠭᠡᠨ᠎ᠡ᠃    ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠪᠠ ᠵᠠᠮ ᠬᠠᠷᠢᠯᠴᠠᠭᠠᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠶᠠᠳᠠᠭᠤ ᠠᠴᠠ ᠠᠩᠭᠢᠵᠢᠷᠠᠭᠰᠠᠨ ᠬᠡᠷ ᠪᠦᠯᠢ ᠶᠢᠨ ᠠᠵᠤ ᠠᠬᠤᠶ ᠶᠢᠨ  ᠲᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠥᠬᠡᠶ᠂  ᠨᠠᠩ ᠣᠯᠠᠨ ᠲᠠᠷᠢᠶᠠᠴᠢᠳ ᠤᠨ ᠭᠠᠳᠠᠭᠰᠢ ᠭᠠᠷᠴᠤ ᠬᠥᠯᠥᠰᠥᠨ ᠠᠵᠢᠯ  ᠬᠢᠬᠦ ᠢᠳᠡᠪᠬᠢᠵᠢᠯ ᠢ ᠲᠠᠶᠢᠴᠢᠯᠠᠵᠠᠢ᠃    ︽2024 ᠣᠨ ᠳᠤ ᠮᠠᠨ ᠤ ᠬᠤᠰᠢᠭᠤ ᠨᠢ  ︿ᠨᠢᠭᠡ ᠯᠡ ᠤᠳᠠᠭᠠᠨ ᠤ  ᠴᠢᠨᠠᠷᠲᠠᠶ ᠵᠠᠮ ᠬᠠᠷᠢᠯᠴᠠᠭᠠᠨ ᠤ ᠨᠥᠬᠦᠪᠥᠷᠢ﹀ ᠪᠠ  ︿ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ﹀᠎ ᠶᠢ ᠨᠡᠶᠢᠲᠡ 60.17 ᠲᠦᠮᠡᠨ ᠲᠥᠭᠦᠷᠢᠭ ᠲᠠᠷᠬᠠᠭᠠᠵᠤ᠂ 483 ᠬᠦᠮᠦᠨ ᠳᠤ ᠠᠰᠢᠭ ᠬᠦᠷᠲᠡᠭᠡᠪᠡ᠃  ᠡᠬᠦᠨ ᠤ ᠬᠠᠮᠳᠤ  ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠠᠵᠢᠯᠲᠠᠨ ᠡᠯᠰᠡᠬᠦ ᠴᠤᠭᠯᠠᠭᠠᠨ ᠢ 12 ᠤᠳᠠᠭ᠎ᠠ ᠡᠷᠬᠢᠯᠡᠵᠦ᠂ ᠪᠡᠭᠡᠵᠢᠩ ᠤᠨ ᠴᠠᠩᠫᠢᠩ ᠲᠣᠭᠤᠷᠢᠭ ᠲᠠᠢ ᠬᠠᠷᠢᠯᠴᠠᠵᠤ ᠪᠠᠶᠢᠭᠠᠳ 1616 ᠠᠵᠢᠯ ᠤᠨ ᠪᠠᠶᠢᠷᠢ ᠬᠠᠩᠭᠠᠭᠰᠠᠨ ᠪᠦᠭᠡᠳ  ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠪᠣᠯᠪᠠᠰᠤᠷᠠᠯ ᠤᠨ ᠠᠩᠭᠢ ᠶᠢ 6 ᠬᠤᠭᠤᠴᠠᠭ᠎ᠠ ᠡᠷᠬᠢᠯᠡᠵᠦ᠂ 219 ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠳᠤ ᠠᠰᠢᠭ ᠬᠦᠷᠳᠡᠭᠡᠵᠡᠢ᠃ ᠪᠢᠳᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠢ ᠬᠠᠮᠲᠤᠷᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠲᠠᠮᠵᠢᠭᠠᠳ ᠨᠥᠬᠦᠴᠡᠯ ᠳᠤ ᠨᠡᠶᠢᠴᠡᠭᠰᠡᠨ ᠬᠥᠯᠥᠰᠥᠨ ᠠᠵᠢᠯ ᠬᠢᠵᠦ ᠪᠠᠶᠢᠭ᠎ᠠ ᠬᠦᠮᠦᠨ ᠨᠢᠬᠡᠪᠦᠷᠢ ᠳᠤ ᠡᠲᠡᠭᠡᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠴᠠᠭ ᠲᠤᠬᠠᠶ ᠳᠤᠨᠢ ᠬᠦᠷᠳᠡᠭᠡᠵᠦ ᠪᠠᠶᠢᠨ᠎ᠠ᠃ ᠡᠨᠡ ᠵᠢᠯ ᠪᠢᠳᠡ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠬᠡᠷᠡᠭᠵᠢᠭᠦᠯᠬᠦ ᠲᠦᠰᠦᠪ ᠤᠨ ᠱᠠᠭᠠᠷᠳᠠᠯᠭ᠎ᠠ ᠶᠢ ᠦᠨᠳᠦᠰᠦᠯᠡᠨ᠂ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ᠂ ᠭᠠᠳᠠᠭᠰᠢ ᠭᠠᠷᠴᠤ ᠬᠦᠯᠦᠰᠨ ᠠᠵᠢᠯ ᠬᠢᠭᠰᠡᠳ ᠲᠤ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠬᠦ ᠶᠢ ᠦᠨᠡᠨ ᠬᠦ ᠪᠠᠲᠤᠯᠠᠵᠤ  ᠲᠡᠳᠡᠨ ᠤ ᠲᠣᠭᠲᠠᠭᠤᠨ ᠢᠶᠠᠷ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ︾ ᠬᠡᠵᠦ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠵᠥᠩ ᠸᠧᠶ ᠲᠠᠨᠢᠯᠴᠠᠭᠤᠯᠪᠠ᠃    ᠠᠵᠢᠯ ᠣᠯᠪᠠᠯ ᠣᠯᠠᠨ ᠲᠦᠮᠡᠨ ᠤ ᠠᠮᠢᠳᠤᠷᠠᠯ ᠰᠠᠶ᠋ᠢ ᠡᠷᠡᠮᠡᠯᠵᠡᠯ ᠲᠠᠢ ᠪᠣᠯᠤᠨ᠎ᠠ᠃ ︽ᠭᠠᠳᠠᠭᠰᠢ ᠭᠠᠷᠬᠤ︾᠎ ᠠᠴᠠ ︽ᠲᠣᠭᠲᠠᠭᠤᠨ ᠪᠣᠯᠬᠤ︾ ᠬᠦᠷᠲᠡᠯ᠎ᠡ᠂ ︽ᠨᠥᠬᠦᠪᠥᠷᠢ ᠤᠯᠭᠤᠵᠤ ᠴᠢᠰᠤ ᠶᠡᠭᠦᠯᠡᠬᠦ︾᠎ ᠠᠴᠠ ︽ᠮᠡᠷᠭᠡᠵᠢᠯ ᠬᠦᠷᠳᠡᠭᠡᠵᠦ  ᠴᠢᠰᠤ ᠪᠦᠲᠦᠭᠡᠬᠦ︾ ᠬᠦᠷᠲᠡᠯ᠎ᠡ᠂ ᠲᠠᠶᠢᠹᠤᠰᠧ ᠬᠤᠰᠢᠭᠤᠨ ᠤ ᠬᠢᠨ ᠶᠠᠭ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠵᠢᠯ ᠣᠯᠭᠤᠯᠲᠠ ᠶᠢᠨ ᠪᠠᠳᠤᠯᠠᠭᠠᠨ ᠤ ᠲᠣᠣᠷ ᠢ ᠨᠢᠭᠲᠠ ᠰᠦᠯᠵᠢᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠪᠠᠶᠠᠵᠢᠯ ᠤᠨ ᠵᠠᠮ ᠢ ᠶᠠᠪᠤᠬᠤ ᠲᠤᠳᠤᠮ ᠥᠷᠭᠡᠨ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠤᠢ᠃   ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭᠠᠨ︾᠎ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠦᠷᠭᠦᠯᠵᠢᠯᠡᠨ ᠢᠳᠡᠪᠬᠢᠲᠡᠢ ᠨᠠᠶᠢᠳᠠᠪᠤᠷᠢᠵᠢᠭᠤᠯᠵᠤ᠂ ᠪᠣᠳᠠᠲᠠᠢ ᠳᠤ ᠨᠡᠶᠢᠴᠡᠭᠰᠡᠨ ᠠᠷᠭ᠎ᠠ ᠬᠡᠮᠵᠢᠶ᠎ᠡ ᠶᠢ ᠭᠦᠨᠵᠡᠭᠡᠢ ᠰᠦᠪᠡᠭᠴᠢᠯᠡᠨ  ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠬᠠᠷᠠᠯᠲᠠ ᠪᠠᠨ ᠲᠤᠳᠤᠷᠬᠠᠢ ᠲᠤᠭᠳᠠᠭᠠᠨ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ︽ᠵᠢᠷᠭᠤᠭᠠᠨ ᠠᠵᠢᠯᠯᠠᠭ᠎ᠠ︾᠎ ᠶᠢ ᠨᠠᠶᠢᠳᠠᠪᠤᠷᠢᠵᠢᠭᠤᠯᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号