ᠴᠧᠨ ᠶᠠᠨ ᠪᠦᠦ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/2/27
  2 ᠰᠠᠷ᠎ᠠ ᠶᠢᠨ 24᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠤᠭᠤᠳᠴᠠᠢ᠃ ᠬᠤᠷᠠᠯ ᠳᠡᠭᠡᠷ᠎ᠡ᠂ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠠᠴᠠ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠭᠰᠠᠨ ᠤ ᠲᠠᠷᠠᠭ᠎ᠠ᠂ ᠤᠳᠤᠷᠢᠳᠬᠤ ᠪᠠᠭ ᠤᠨ ᠭᠡᠰᠢᠬᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠬᠠᠷᠢᠯᠴᠠᠨ ᠰᠢᠭᠦᠮᠵᠢᠯᠡᠯ ᠬᠢᠵᠦ᠂ ᠬᠤᠰᠢᠭᠤ ᠨᠠᠮ ᠤᠨ ᠬᠤᠷᠢᠶᠠᠨ ᠤ ᠬᠤᠶᠠᠳᠤᠭᠠᠷ  ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠦᠨᠡᠯᠡᠯᠲᠡ ᠬᠢᠵᠦ ᠶᠠᠷᠢᠶ᠎ᠠ ᠲᠠᠯᠪᠢᠭᠰᠠᠨ ᠪᠠᠶᠢᠨ᠎ᠠ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠨᠢ ᠡᠷᠭᠡᠪᠰᠢ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠳᠠᠯᠠᠨ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ  ᠪᠠᠬᠢᠵᠢᠬᠦᠯᠬᠦ ᠪᠠ ᠭᠦᠨᠵᠡᠭᠡᠶᠢᠷᠡᠭᠦᠯᠵᠦ  ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠴᠢᠨᠠᠭᠰᠢᠳᠠ ᠠᠬᠢᠭᠤᠯᠬᠤ ᠬᠡᠷᠡᠭᠲᠡᠢ᠃ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠯᠤᠭ᠎ᠠ ᠨᠢᠭᠲᠠ ᠤᠶᠠᠯᠳᠤᠭᠤᠯᠤᠨ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ᠲᠠᠪᠤᠨ ᠶᠡᠭᠡ ᠡᠭᠦᠷᠭᠡ︾ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠵᠡᠷᠭᠡ ᠭᠤᠤᠯᠳᠠᠯᠭ᠎ᠠ ᠲᠠᠢ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃  ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠵᠡᠷᠭᠡ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠷᠤᠯᠴᠠᠵᠤ᠂ ᠭᠠᠵᠠᠷ ᠰᠢᠷᠣᠢ ᠶᠢᠨ ᠲᠠᠭᠠᠭᠠᠴᠢᠯᠠᠯᠳᠠ᠂ ᠭᠠᠵᠠᠷ ᠰᠢᠷᠣᠢ ᠶᠢᠨ ᠵᠠᠰᠠᠯᠳᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠵᠡᠷᠭᠡ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠢ  ᠠᠰᠢᠭᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠭᠦᠨᠵᠡᠭᠡᠢ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂  ᠠᠶᠤᠯᠬᠦᠢ ᠤᠰᠤ ᠤᠮᠳᠠ᠂ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠳᠠ ᠵᠡᠷᠭᠡ ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠲᠣᠰᠬᠤᠨ ᠤ ᠠᠷᠠᠳ ᠢ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠤᠯᠭᠠᠨ᠂  ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠬᠡᠷᠡᠭᠲᠡᠢ᠃ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠠᠲᠤᠯᠠᠬᠤ᠂ ᠲᠠᠷᠢᠶᠠᠯᠠᠩ ᠤᠨ ᠤᠰᠤᠨ ᠤ ᠰᠦᠢᠳᠬᠡᠯ ᠢ ᠬᠤᠷᠢᠶᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠨ ᠬᠢᠵᠦ᠂ 2025 ᠣᠨ ᠤ ᠲᠠᠷᠢᠶᠠᠯᠠᠩ  ᠦᠢᠯᠡᠳᠪᠦᠷᠢᠯᠡᠯ ᠤᠨ ᠰᠠᠶᠢᠨ ᠡᠬᠢᠯᠡᠯᠲᠡ ᠶᠢ ᠪᠠᠲᠤᠯᠠᠬᠤ ᠬᠡᠷᠡᠭᠲᠡᠢ ᠭᠡᠪᠡ᠃ ᠯᠢᠦ ᠶᠠ ᠱᠧᠩ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号