ᠲᠠᠶᠢᠹᠤᠰᠧ ᠬᠤᠰᠢᠭᠤ ᠨᠡᠶᠢᠭᠡᠮ ᠤᠨ ᠪᠠᠳᠤᠯᠠᠭᠠᠨ ᠤ ᠴᠢᠳᠠᠪᠤᠷᠢ ᠶᠢ ᠲᠠᠰᠤᠷᠠᠯᠲᠠ ᠦᠬᠡᠢ ᠲᠡᠭᠡᠭᠰᠢᠯᠡᠬᠦᠯᠦᠨ᠎ᠡ
ᠨᠡᠶᠢᠲᠡᠯᠡᠭᠰᠡᠨ ᠴᠠᠭ᠄
2025/2/27
  2025 ᠤᠨ ᠳᠤ᠂ ᠲᠠᠶᠢᠹᠤᠰᠧ ᠬᠤᠰᠢᠭᠤᠨ ᠤ ᠬᠢᠨ ᠦᠢᠯᠡᠰ ᠪᠦᠳᠦᠬᠡᠵᠦ ᠠᠵᠢᠯ ᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠪᠠᠯᠭᠠᠰᠤᠨ ᠤ ᠠᠵᠢᠯ ᠣᠯᠬᠤ ᠳᠤ ᠬᠦᠴᠢᠷᠲᠡᠶ ᠬᠥᠮᠦᠰ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢᠨ ᠬᠢᠨ ᠎ ᠤ ᠠᠵᠢᠯ ᠣᠯᠬᠤ ᠠᠷᠭ᠎ᠠ ᠵᠠᠮ ᠢ ᠬᠦᠴᠦᠯᠡᠨ ᠥᠷᠭᠡᠳᠬᠡᠵᠦ᠂ ᠬᠦᠯᠦᠰᠦᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠬᠤ ᠶᠢ ᠲᠤᠭᠳᠠᠪᠤᠷᠢᠵᠢᠭᠤᠯᠤᠨ᠂ ᠬᠤᠲᠠ ᠪᠠᠯᠭᠠᠰᠤᠨ ᠤ 600 ᠬᠥᠮᠦᠨ ᠳᠤ ᠰᠢᠨ᠎ᠡ ᠪᠠᠷ ᠠᠵᠢᠯ ᠣᠯᠭᠤᠵᠤ᠂ 700 ᠬᠥᠮᠦᠨ ᠤᠳᠠᠭ᠎ᠠ ᠳᠤ ᠮᠡᠷᠭᠡᠵᠢᠯ ᠤᠨ ᠪᠣᠯᠪᠠᠰᠤᠷᠠᠯ ᠬᠦᠷᠳᠡᠭᠡᠨ᠂ 800 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ ᠲᠠᠷᠬᠠᠭᠠᠬᠤ ᠪᠠᠷ ᠪᠠᠶᠢᠨ᠎ᠠ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠦᠮᠦᠰ ᠤᠨ ᠠᠰᠠᠷᠠᠮᠵᠢ ᠬᠠᠷᠠᠭᠠᠯᠵᠠᠯ᠂ ᠲᠦᠷ ᠴᠠᠭ ᠤᠨ ᠠᠪᠤᠷᠠᠨ ᠲᠤᠰᠠᠯᠠᠯᠳᠠ᠂ ᠨᠠᠰᠤᠵᠢᠯ ᠤᠨ ᠳᠠᠭᠠᠳᠬᠠᠯ᠂  ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠂ ᠨᠡᠶᠢᠭᠡᠮ ᠤᠨ ᠠᠰᠠᠷᠠᠮᠵᠢ ᠪᠠ ᠨᠢᠭᠦᠯᠡᠰᠦᠩᠭᠦᠶ ᠶᠢᠨ ᠦᠢᠯᠡᠰ ᠢ ᠶᠡᠬᠡᠪᠡᠷ ᠬᠥᠭᠵᠢᠭᠦᠯᠵᠦ᠂  ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠦᠷᠭᠡᠳᠭᠡᠵᠦ᠂ ᠬᠦᠴᠢᠷᠳᠡᠯᠲᠡᠢ ᠣᠯᠠᠨ ᠲᠦᠮᠡᠨ ᠳᠤ ᠲᠦᠷ ᠴᠠᠭ ᠎ ᠤᠨ ᠠᠪᠤᠷᠠᠨ ᠲᠤᠰᠠᠯᠠᠮᠵᠢ ᠦᠵᠡᠬᠦᠯᠬᠦ ᠶᠢ ᠴᠢᠩᠭᠠᠳᠬᠠᠨ᠂ ᠨᠠᠰᠤᠳᠠᠢ ᠨᠢᠯᠬ᠎ᠠ ᠶᠢ ᠬᠠᠶᠢᠷᠠᠯᠠᠨ ᠬᠠᠯᠠᠮᠵᠢᠯᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠤᠨ ᠪᠠᠳᠤᠯᠠᠭᠠᠨ ᠤ ᠲᠣᠤᠷ ᠢ ᠪᠠᠲᠤ  ᠴᠤᠭᠴᠠᠯᠠᠬᠤ ᠪᠤᠯᠤᠨ᠎ᠠ᠃ ᠡᠬᠦᠨ ᠤ ᠬᠠᠮᠳᠤ᠂ ᠪᠣᠯᠪᠠᠰᠤᠨ ᠣᠷᠣᠰᠢᠭᠤᠯᠭ᠎ᠠ᠂ ᠵᠡᠮᠳᠡᠭᠴᠦᠳ᠂ ᠡᠮᠡᠭᠲᠡᠶᠢᠴᠦᠳ᠂ ᠬᠡᠦᠬᠡᠳ ᠪᠠᠭᠠᠴᠤᠳ᠂ ᠴᠡᠷᠢᠭ ᠠᠴᠠ ᠬᠠᠯᠠᠭᠳᠠᠭᠰᠠᠳ ᠵᠡᠷᠭᠡ ᠡᠯ᠎ᠡ  ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠪᠠᠳᠤᠯᠠᠬᠤ ᠪᠠᠷ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号