ᠲᠠᠶᠢᠹᠤᠰᠧ ᠬᠤᠰᠢᠭᠤ ᠠᠷᠠᠳ ᠤᠯᠠᠨ ᠤ ᠰᠡᠳᠬᠢᠯ ᠳᠤ ᠲᠠᠭᠠᠯᠠᠭᠳᠠᠭᠰᠠᠨ ᠰᠤᠷᠭᠠᠨ ᠬᠥᠮᠦᠵᠢᠯ ᠢ ᠰᠠᠶᠢᠨ ᠡᠷᠬᠢᠯᠡᠬᠦ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2025/2/28
  2025 ᠤᠨ ᠳᠤ᠂ ᠲᠠᠶᠢᠹᠤᠰᠧ ᠬᠤᠰᠢᠭᠤᠨ ᠤ ᠬᠢᠨ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠦᠴᠦᠯᠡᠨ ᠬᠡᠷᠡᠭᠵᠢᠭᠦᠯᠵᠦ᠂ ᠰᠤᠷᠭᠠᠭᠤᠯᠢ ︵ᠴᠡᠴᠡᠷᠯᠢᠭ︶᠎ ᠶᠢᠨ ᠵᠠᠬᠢᠷᠤᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂  ᠬᠢᠨᠠᠨ ᠰᠢᠯᠭᠠᠬᠤ ᠪᠠ ᠤᠷᠮᠠᠰᠢᠭᠤᠯᠤᠨ ᠵᠤᠷᠢᠬᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠤᠨ᠂  44  ᠪᠠᠭᠰᠢ ᠶᠢ ᠢᠯᠡ ᠪᠠᠷ ᠡᠯᠰᠡᠵᠦ  ᠬᠢᠴᠢᠶᠡᠯ ᠲᠦᠷᠦᠯ ᠤᠨ ᠲᠤᠳᠠᠭᠤᠳᠠᠯ ᠢ ᠨᠦᠬᠦᠪᠦᠷᠢᠯᠡᠬᠦ ᠪᠠᠷ ᠪᠠᠶᠢᠨ᠎ᠠ᠃ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠶᠢ ᠴᠢᠩᠭᠠᠳᠬᠠᠵᠤ᠂ 1 ᠡᠷᠦᠬᠡ ᠨᠡᠶᠢᠬᠡᠮ ᠤᠨ ᠰᠤᠷᠭᠠᠭᠤᠯᠢ ᠡᠷᠬᠢᠯᠡᠬᠦ ᠭᠤᠤᠯ ᠴᠤᠭᠴᠠ ᠶᠢ ᠤᠷᠢᠵᠤ ᠲᠤᠰ ᠬᠤᠰᠢᠭᠤᠨ ᠳᠠᠭᠠᠨ ᠰᠤᠷᠭᠠᠭᠤᠯᠢ ᠡᠷᠬᠢᠯᠡᠬᠦᠯᠦᠨ᠂ 12 ᠪᠠᠭᠰᠢ ᠶᠢ ᠪᠡᠭᠡᠵᠢᠩ ᠳᠤ ᠲᠤᠮᠢᠯᠠᠨ ᠠᠵᠢᠯ ᠤᠨ ᠪᠠᠶᠢᠷᠢ ᠶᠢᠨ ᠰᠤᠷᠤᠯᠭ᠎ᠠ ᠪᠤᠯᠪᠠᠰᠤᠷᠠᠯ ᠳᠤ ᠤᠷᠤᠯᠴᠠᠭᠤᠯᠤᠨ᠎ᠠ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠠᠢᠭᠤᠯᠤᠯᠲᠠ ᠶᠢ ᠲᠦᠷᠭᠡᠳᠭᠡᠨ ᠠᠬᠢᠭᠤᠯᠵᠤ᠂  ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠠᠮᠢᠷ ᠤᠨ ᠣᠷᠳᠣᠨ ᠢ ᠡᠨᠡ  ᠵᠢᠯ ᠠᠰᠢᠭᠯᠠᠯᠳᠠ ᠳᠤ ᠤᠷᠤᠭᠤᠯᠬᠤ ᠪᠤᠯᠤᠨ᠎ᠠ᠃  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠳᠤᠮᠳᠠᠳᠤ ᠰᠤᠷᠭᠠᠭᠤᠯᠢ ᠪᠠᠷ ᠬᠢᠨᠠᠨ ᠲᠤᠭᠳᠠᠭᠠᠯᠭᠠᠬᠤ ᠪᠠᠷ ᠴᠢᠷᠮᠠᠶᠢᠨ᠎ᠠ᠃ ᠡᠯ᠎ᠡ ᠲᠥᠷᠥᠯ ᠤᠨ ︽ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ︾ ᠠᠵᠢᠯᠯᠠᠭ᠎ᠠ ᠶᠢ ᠴᠣᠮᠬᠠᠳᠬᠠᠵᠤ᠂ ᠰᠤᠷᠤᠭᠴᠢᠳ ᠤᠨ ᠰᠡᠳᠬᠢᠴᠡ ᠶᠢᠨ ᠬᠠᠯᠠᠮᠵᠢᠯᠠᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠠᠶᠢᠮᠠᠭ ᠤᠨ ᠱᠠᠲᠤᠨ ᠤ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ 3᠎ ᠶᠢ ᠡᠭᠦᠳᠦᠨ ᠪᠠᠶᠢᠭᠤᠯᠤᠨ᠎ᠠ᠃ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号