2 ᠰᠠᠷ᠎ᠠ ᠶᠢᠨ 27 ᠤ ᠡᠳᠦᠷ᠂ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠵᠠᠰᠠᠭ | ᠵᠠᠬᠢᠷᠭᠠᠨ ᠤ ᠲᠥᠪ ᠲᠤ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤ ᠳᠠᠷᠤᠭ᠎ᠠ ᠯᠢ ᠳ᠋ᠦᠩ ᠯᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠤᠰᠤᠳ | ᠤᠳᠤᠷᠢᠳᠤᠯᠭ᠎ᠠ ᠨᠠᠷ ᠠᠴᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠪᠠᠨ ᠪᠣᠳᠠᠲᠠᠶ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠬᠠᠨᠳᠤᠭᠤᠯᠵᠤ᠂ | ᠣᠳᠣᠬᠠᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠴᠠᠭ ᠮᠥᠴᠡ ᠲᠠᠢ ᠤᠷᠤᠯᠳᠤᠨ ᠦᠨᠡᠨ ᠪᠣᠳᠠᠲᠠᠢ | ᠠᠳᠬᠤᠵᠤ ᠦᠷ᠎ᠡ ᠪᠦᠲᠦᠮᠵᠢ ᠭᠠᠷᠭᠠᠵᠤ᠂ ᠨᠢᠭᠡᠳᠦᠭᠡᠷ ᠤᠯᠠᠷᠢᠯ ᠤᠨ ᠬᠠᠷᠠᠯᠲᠠ ᠡᠭᠦᠷᠭᠡ ᠪᠠᠨ ᠠᠮᠵᠢᠯᠳᠠ ᠲᠠᠢ | ᠪᠡᠶᠡᠯᠡᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠦᠷᠦᠯ ᠵᠦᠢᠯ ᠤᠨ ᠭᠠᠷᠳᠠᠮ | ᠭᠦᠢᠴᠡᠳᠬᠡᠬᠦ ᠠᠬᠢᠴᠠ ᠶᠢ ᠲᠦᠷᠭᠡᠳᠭᠡᠨ᠂ ᠨᠢᠭᠡ ᠪᠦᠯᠦᠭ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ | ᠨᠥᠭᠡᠴᠡᠯᠡᠯᠲᠡ ᠶᠢᠨ ᠲᠦᠷᠦᠯ ᠵᠦᠢᠯ ᠢ ᠵᠡᠷᠭᠡᠪᠡᠷ ᠲᠥᠯᠥᠪᠵᠢᠭᠦᠯᠵᠦ᠂ ᠨᠢᠭᠡ ᠪᠦᠯᠦᠭ ᠪᠠᠴᠢᠮ ᠬᠡᠷᠡᠭᠴᠡᠭᠡ ᠲᠠᠢ | ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ᠃ ᠰᠢᠨ᠎ᠡ ᠡᠨᠧᠷᠭᠢ | ᠰᠢᠨ᠎ᠡ ᠮᠠᠲ᠋ᠧᠷᠢᠶᠠᠯ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ ᠡᠷᠡᠭᠦᠯᠵᠢᠯ | ᠰᠤᠪᠢᠯᠠᠯᠲᠠ ᠵᠡᠷᠭᠡ ᠶᠢᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠲᠡᠭᠡᠷ᠎ᠡ ᠪᠠᠰᠠ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭᠠᠨ ᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ 2025 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ | ᠪᠣᠯᠤᠨ ᠪᠥᠬᠦ ᠬᠤᠰᠢᠭᠤᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ |