ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠨᠢᠭᠲᠠᠷᠠᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ
ᠨᠡᠶᠢᠲᠡᠯᠡᠭᠰᠡᠨ ᠴᠠᠭ᠄
2025/2/28
  ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠪᠤᠤᠴᠠᠩ ᠪᠠᠯᠭᠠᠰᠤᠨ ᠤ ᠰᠢᠨ ᠬᠤᠸᠠ  ᠨᠡᠶᠢᠭᠡᠮ ᠲᠤᠭᠤᠷᠢᠭ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠠᠮᠲᠤ ᠶᠢᠨ ᠬᠦᠴᠦᠨ ᠢ ᠨᠢᠭᠲᠠᠷᠠᠭᠤᠯᠬᠤ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠣᠯᠠᠨ ᠲᠠᠯ᠎ᠠ ᠠᠴᠠ ᠭᠠᠷᠳᠠᠨ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠷᠬᠦᠯᠵᠢᠯᠡᠨ ᠴᠢᠩᠭᠠᠳᠬᠠᠵᠤ᠂ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠥᠬᠦ ᠬᠦᠴᠦᠨ ᠢᠶᠠᠷ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠢ ᠬᠠᠯᠠᠮᠵᠢᠯᠠᠬᠤ᠂ ᠣᠯᠠᠨ ᠲᠦᠮᠡᠨ ᠢ ᠵᠢᠯᠣᠭᠤᠳᠬᠤ ︽ᠡᠴᠦᠰ ᠤᠨ ᠨᠢᠭᠡ ᠺᠢᠯᠤᠮᠧᠲᠷ︾᠎ ᠢ ᠨᠡᠪᠲᠡᠷᠡᠭᠦᠯᠪᠡ᠃      ᠰᠢᠨ ᠬᠤᠸᠠ ᠨᠡᠶᠢᠭᠡᠮ ᠲᠤᠭᠤᠷᠢᠭ ᠤᠨ ᠪᠠᠶᠢᠩᠭᠤ ᠰᠠᠭᠤᠭ᠎ᠠ 9366 ᠬᠥᠮᠦᠨ ᠠᠮᠠ ᠶᠢᠨ ᠲᠤᠳᠤᠷ᠎ᠠ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2166 ᠬᠥᠮᠦᠨ ᠪᠠᠶᠢᠵᠤ᠂ ᠪᠥᠬᠦ ᠬᠥᠮᠦᠨ ᠠᠮᠠ ᠶᠢᠨ 23%᠎ ᠶᠢ  ᠡᠵᠡᠯᠡᠳᠡᠭ᠃ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠬᠦᠴᠢᠷᠳᠡᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠲᠤᠰ ᠨᠡᠶᠢᠭᠡᠮ ᠲᠣᠭᠤᠷᠢᠭ ᠤᠨ ᠬᠢᠨ ᠵᠠᠬᠢᠶᠠᠯᠠᠭ᠎ᠠ ᠶᠢᠨ ᠬᠤᠭᠤᠯᠠ  ᠬᠦᠷᠭᠡᠬᠦ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ︽ᠴᠡᠩᠭᠡᠷ ᠲᠡᠪᠡᠯᠳᠦ ᠤᠨᠤᠭᠠᠴᠢ ᠲᠦᠮᠡᠨ ᠡᠷᠦᠬᠡ ᠳᠤ ᠣᠷᠣᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠢ ᠭᠡᠷᠡᠭᠵᠢᠬᠦᠯᠵᠦ᠂  ᠴᠡᠩᠬᠡᠷ ᠬᠦᠭᠡ ᠬᠤᠪᠴᠠᠰᠤ ᠲᠠᠢ  ᠬᠤᠭᠤᠯᠠ  ᠬᠦᠷᠭᠡᠭᠴᠢ ᠨᠠᠷ ᠨᠢ ︽ ᠨᠠᠰᠤᠳᠠᠨ ᠪᠤᠭᠤᠷᠤᠯᠴᠤᠳ ᠤᠨ ᠰᠠᠬᠢᠨ ᠬᠠᠮᠠᠭᠠᠯᠠᠭᠴᠢ︾ ᠪᠣᠯᠵᠤ᠂ ᠨᠡᠶᠢᠬᠡᠮ ᠲᠤᠭᠤᠷᠢᠭ ᠤᠨ ᠨᠠᠰᠤᠲᠠᠶᠢᠴᠤᠳ ᠲᠤ ᠬᠤᠭᠤᠯᠠ ᠪᠤᠳᠠᠭ᠎ᠠ ᠬᠦᠷᠭᠡᠬᠦ᠂ ᠳᠠᠯᠳᠠ ᠬᠡᠮ ᠢ  ᠪᠠᠶᠢᠴᠠᠭᠠᠬᠤ᠂ ᠬᠡᠷ ᠲᠤᠨᠢ ᠬᠦᠷᠴᠦ ᠰᠤᠷᠪᠤᠯᠵᠢᠯᠠᠬᠤ᠂ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠪᠤᠯᠵᠠᠢ᠃     ᠸᠠᠩ ᠰᠢᠶᠤᠤ ᠵᠢᠶᠦ᠋ᠨ ᠪᠣᠯ ︽ᠴᠡᠩᠭᠡᠷ ᠲᠡᠪᠡᠯᠳᠦ ᠤᠨᠤᠭᠠᠴᠢ︾ ᠎ ᠶᠢᠨ ᠨᠢᠭᠡ ᠭᠡᠰᠢᠭᠦᠨ ᠪᠤᠯᠤᠨ᠎ᠠ᠂ ᠡᠳᠦᠷ ᠪᠦᠷᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠬᠤᠭᠤᠯᠠ ᠤᠮᠳᠠ ᠶᠢ ᠦᠨ᠎ᠡ ᠲᠦᠯᠦᠪᠦᠷᠢ ᠥᠬᠡᠶ ᠪᠠᠷ ᠳᠣᠭᠢᠷᠠᠭᠤᠯᠤᠨ  ᠬᠦᠷᠭᠡᠬᠦ ᠠᠴᠠ ᠭᠠᠳᠠᠨ᠎ᠠ᠂ ᠲᠡᠷᠡ ᠪᠠᠰᠠ ᠬᠤᠪᠢᠳᠠᠨ ᠠᠪᠤᠭᠰᠠᠨ ᠲᠣᠭᠤᠷᠢᠭ ᠤᠨ ᠢᠶᠠᠨ ᠨᠠᠰᠤᠲᠠᠶᠢᠴᠤᠳ ᠤᠨ ᠠᠮᠢᠳᠤᠷᠠᠯ ᠤᠨ ᠳᠠᠳᠬᠠᠯ᠂ ᠡᠳᠦᠷ ᠲᠤᠲᠤᠮ ᠤᠨ ᠬᠡᠷᠡᠭᠴᠡᠭᠡ ᠵᠢᠴᠢ ᠬᠤᠭᠤᠯᠠ  ᠪᠤᠳᠠᠭ᠎ᠠ ᠵᠠᠬᠢᠶᠠᠯᠠᠬᠤ ᠴᠢᠳᠠᠪᠤᠷᠢ ᠶᠢ ᠪᠠᠶᠢᠴᠠᠭᠠᠨ ᠣᠶᠢᠯᠠᠭᠠᠵᠤ᠂ ᠲᠡᠳᠡᠨ ᠳᠤ ᠨᠢᠭᠡ ᠳᠠᠷᠤᠪᠴᠢ ᠪᠠᠷ ᠵᠠᠬᠢᠶᠠᠯᠠᠬᠤ᠂ ᠦᠷ᠎ᠡ ᠬᠡᠤᠬᠡᠳ ᠲᠡᠭᠡᠨ ᠨᠠᠶᠢᠳᠠᠵᠤ  ᠵᠠᠬᠢᠶᠠᠯᠠᠬᠤ ᠵᠡᠷᠭᠡ ᠠᠷᠭ᠎ᠠ ᠪᠠᠷᠢᠯ ᠢ ᠲᠠᠨᠢᠯᠴᠠᠭᠤᠯᠵᠤ᠂ ᠨᠠᠰᠤᠲᠠᠶᠢᠴᠤᠳ ᠤᠨ ᠬᠤᠭᠤᠯᠠ ᠤᠮᠳᠠ ᠶᠢᠨ ᠬᠡᠷᠡᠭᠴᠡᠭᠡ ᠶᠢ ᠬᠠᠩᠭᠠᠵᠤ ᠪᠤᠢ  ᠃ ︽ᠡᠨᠡ ᠬᠦᠦ  ᠬᠤᠭᠤᠯᠠ ᠤᠮᠳᠠ ᠶᠢ ᠴᠠᠭ ᠲᠤᠬᠠᠢ ᠲᠤᠨᠢ ᠬᠦᠷᠭᠡᠵᠦ ᠢᠷᠡᠨ᠎ᠡ ᠰᠢᠦ᠂ ᠪᠢᠳᠡᠨ ᠳᠤ ᠦᠨᠡᠨ ᠰᠠᠨᠠᠭᠠᠨ ᠠᠴᠠ ᠪᠠᠨ ᠦᠢᠯᠡᠴᠢᠯᠡᠵᠦ ᠪᠠᠶᠢᠨ᠎ᠠ᠂ ᠮᠠᠨ ᠎ ᠤ ᠢᠳᠡᠵᠦ ᠤᠤᠭᠤᠬᠤ ᠴᠤ ᠵᠤᠪᠠᠯᠳᠠ ᠦᠬᠡᠢ ᠪᠤᠯᠵᠠᠢ︾ ᠬᠡᠵᠦ  ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠴᠠᠩ ᠡᠪᠦᠭᠡ ᠸᠠᠩ ᠰᠢᠶᠤᠤ ᠵᠢᠶᠦ᠋ᠨ ᠳᠤ ᠡᠷᠡᠬᠡᠢ ᠭᠤᠵᠤᠶᠢᠯᠭᠠᠨ᠎ᠠ᠃     ᠰᠠᠶᠢᠨ ᠳᠤᠷ᠎ᠠ ᠶᠢᠨ ᠦᠢᠯᠡᠴᠢᠯᠡᠭᠴᠢ ᠸᠠᠩ  ᠵᠢᠢ᠄ ︽ᠪᠢᠳᠡ ᠨᠠᠰᠤᠲᠠᠶᠢᠴᠤᠳ ᠤᠨ ᠣᠷᠣᠨ ᠰᠠᠭᠤᠴᠠ ᠶᠢᠨ ᠪᠠᠶᠢᠳᠠᠯ ᠢ ᠴᠤ ᠰᠠᠶᠢᠨ ᠤᠶᠢᠯᠠᠭᠠᠨ᠎ᠠ᠂ ᠠᠵᠢᠯ ᠠᠮᠢᠳᠤᠷᠠᠯ ᠤᠨ ᠴᠢᠯᠥᠭᠡ ᠪᠠᠷ ᠢᠶᠠᠨ ᠰᠠᠶᠢᠨ ᠲᠤᠷ᠎ᠠ ᠠᠴᠠ ᠪᠠᠨ ᠲᠡᠳᠡᠨ ᠤ ᠭᠡᠷ ᠲᠤᠨᠢ ᠬᠦᠷᠴᠦ ᠡᠳ᠋ᠯᠡᠯ ᠭᠡᠷᠡᠭᠰᠡᠯ ᠢ ᠨᠢ ᠰᠡᠯᠪᠢᠨ ᠵᠠᠰᠠᠬᠤ᠂ ᠬᠠᠶᠢᠷ᠎ᠠ ᠬᠠᠯᠠᠮᠵᠢ ᠬᠦᠷᠬᠡᠬᠦ᠂ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠳᠡᠭ  ᠃ ᠪᠢᠳᠡ ᠬᠤᠭᠤᠯᠠ ᠬᠦᠷᠭᠡᠬᠦ ᠶᠠᠪᠤᠴᠠ ᠳᠠᠭᠠᠨ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤᠨᠢ ᠨᠡᠶᠢᠭᠡᠮ ᠲᠣᠭᠤᠷᠢᠭ ᠲᠤ ᠲᠤᠰᠬᠠᠪᠠᠯ᠂ ᠨᠡᠶᠢᠭᠡᠮ ᠲᠣᠭᠤᠷᠢᠭ ᠤᠨ ᠬᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠎ ᠯᠦᠭᠡ ᠬᠠᠷᠢᠯᠴᠠᠵᠤ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠵᠦ ᠦᠭᠬᠦᠨ᠎ᠡ᠂ ᠡᠨᠡ ᠨᠢ ᠨᠠᠰᠤᠲᠠᠶᠢᠴᠤᠳ ᠤᠨ ᠰᠠᠶᠢᠨ ᠦᠨᠡᠯᠡᠯᠳᠡ ᠢ ᠤᠯᠵᠤ᠂ ᠪᠢᠳᠡ ᠴᠤ ᠡᠳᠡᠭᠡᠷ ᠨᠠᠰᠤᠲᠠᠶᠢᠴᠤᠳ ᠤᠨ ᠳᠣᠲᠣᠨᠣ ᠨᠠᠶᠢᠵᠠ ᠨᠢ ᠪᠣᠯᠤᠭᠰᠠᠨ ᠪᠠᠶᠢᠨ᠎ᠠ︾᠃   ᠡᠶᠢᠨ ᠬᠦ᠋᠂ ︽ᠴᠡᠩᠭᠡᠷ ᠲᠡᠪᠡᠯᠳᠦ ᠤᠨᠤᠭᠠᠴᠢ ᠲᠦᠮᠡᠨ ᠡᠷᠦᠬᠡ ᠳᠤ ᠤᠷᠤᠬᠤ︾ ᠲᠥᠷᠥᠯ  ᠵᠦᠢᠯ ᠢ ᠭᠡᠷᠡᠭᠵᠢᠬᠦᠯᠦᠭᠰᠡᠨ ᠠᠴᠠ ᠨᠠᠰᠢ᠂  ᠡᠳᠡᠭᠡᠷ ᠰᠠᠶᠢᠨ ᠲᠤᠷ᠎ᠠ ᠶᠢᠨ ᠦᠢᠯᠡᠴᠢᠯᠡᠭᠴᠢ ᠨᠠᠷ ᠨᠡᠶᠢᠭᠡᠮ ᠲᠣᠭᠤᠷᠢᠭ ᠲᠤ  ᠬᠦᠨᠵᠡᠬᠡᠶᠢᠷᠡᠨ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠪᠠᠷᠢᠮᠳᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠣᠯᠠᠨ ᠲᠦᠮᠡᠨ ᠳᠤ ᠦᠢᠯᠡᠴᠢᠯᠡᠵᠦ᠂ ᠨᠡᠶᠢᠭᠡᠮ ᠨᠡᠶᠢᠳᠡ ᠳᠤ ᠬᠤᠪᠢ ᠨᠡᠮᠡᠷᠢ ᠦᠵᠡᠭᠦᠯᠬᠦ︾ ᠡᠷᠬᠢᠮ ᠳᠡᠭᠡᠳᠦ ᠵᠣᠷᠢᠭ ᠰᠠᠨᠠᠭ᠎ᠠ ᠶᠢ ᠦᠢᠯᠡᠳᠦᠯᠭᠡᠵᠢᠬᠦᠯᠵᠦ ᠢᠷᠡᠵᠡᠢ᠃ ᠣᠶᠢᠯᠠᠭᠠᠭᠰᠠᠨ ᠢᠶᠠᠷ᠂ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠰᠢ᠂ 25 ᠨᠡᠷ᠎ᠡ ︽ᠴᠡᠩᠭᠡᠷ ᠲᠡᠪᠡᠯᠳᠦ ᠤᠨᠤᠭᠠᠴᠢ︾ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠵᠤ᠂ 300 ᠭᠠᠷᠤᠶ   ᠨᠠᠰᠤᠲᠠᠶᠢᠴᠤᠳ ᠲᠤ ᠬᠠᠪᠰᠤᠷᠤᠯᠭ᠎ᠠ ᠦᠵᠡᠭᠦᠯᠵᠦ᠂ ᠬᠠᠨᠤᠮᠵᠢ ᠶᠢᠨ ᠬᠡᠮᠵᠢᠶ᠎ᠡ 98 %᠎ ᠳᠤ ᠬᠦᠷᠦᠭᠰᠡᠨ ᠪᠠᠶᠢᠨ᠎ᠠ᠃    ᠰᠢᠨ ᠬᠤᠸᠠ ᠨᠡᠶᠢᠬᠡᠮ ᠲᠤᠭᠤᠷᠢᠭ ᠤᠨ ᠳᠡᠳ᠋ ᠱᠦᠵᠢ ᠦ᠋ ᠯᠢ ᠵᠢᠶᠧ᠄ ︽ᠳᠠᠷᠠᠭᠠᠴᠢ ᠶᠢᠨ ᠠᠯᠬᠤᠮ ᠳᠤ ᠪᠢᠳᠡ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ  ᠪᠠᠷᠢᠮᠲᠠᠯᠠᠵᠤ᠂  ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠭᠦᠨᠵᠡᠭᠡᠢ ᠠᠭᠤᠰᠤᠯᠴᠠᠭᠤᠯᠤᠨ᠂  ᠨᠠᠷᠢᠯᠢᠭ ᠤᠨᠤᠴᠠᠳᠠᠢ᠂ ᠥᠨᠳᠥᠷ ᠪᠦᠲᠦᠮᠵᠢᠲᠡᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠲᠠᠮᠵᠢᠭᠠᠳ ᠦᠨᠳᠦᠰᠦᠨ ᠱᠠᠲᠤᠨ ᠤ ᠵᠠᠰᠠᠯᠲᠠ ᠶᠢᠨ ᠲᠡᠰ ᠳᠡᠪᠰᠢᠬᠦ ᠶᠢ ᠠᠬᠢᠭᠤᠯᠤᠨ᠎ᠠ︾᠃   ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠨᠢ ᠡᠶᠢᠨ ᠬᠦ᠋ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡ ᠶᠢ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠨᠠᠮ ᠤᠨ ᠣᠯᠠᠨ ᠲᠦᠮᠡᠨᠴᠢ ᠱᠤᠭᠤᠮ ᠢ ᠦᠢᠯᠡᠳᠦᠯᠬᠡᠵᠢᠬᠦᠯᠬᠦ ᠴᠢᠬᠤᠯᠠ ᠠᠴᠢᠶᠠᠯᠠᠪᠤᠷᠢ  ᠪᠤᠯᠭᠠᠨ᠂ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ᠵᠠᠰᠠᠯᠲᠠ ᠳᠤ ᠪᠦᠳᠦᠮᠵᠢᠳᠡᠢ ᠠᠭᠤᠰᠤᠯᠴᠠᠭᠤᠯᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠴᠢᠩᠭᠠᠳᠬᠠᠨ᠂ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂  ᠬᠠᠮᠳᠤᠪᠠᠷ ᠪᠠᠶᠢᠭᠤᠯᠵᠤ ᠬᠠᠮᠳᠤᠪᠠᠷ ᠵᠠᠰᠠᠵᠤ ᠬᠠᠮᠳᠤᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠠᠮ ᠳᠤ ᠠᠯᠬᠤᠵᠤ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号