ᠬᠦᠨᠪᠤᠯᠠᠭ ᠰᠤᠮᠤᠨ ᠤ ᠨᠠᠮ ᠤᠨ ᠬᠤᠷᠢᠶ᠎ᠠ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/28
  2 ᠰᠠᠷ᠎ᠠ ᠶᠢᠨ 26 ᠤ ᠡᠳᠦᠷ᠂ ᠭᠦᠨᠪᠤᠯᠠᠭ ᠰᠤᠮᠤᠨ ᠤ ᠨᠠᠮ ᠤᠨ ᠬᠤᠷᠢᠶ᠎ᠠ ᠨᠢ 2024 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠲᠠᠷᠤᠭ᠎ᠠ ᠵᠠᠩ ᠵᠢᠶᠦ᠋ᠨ ᠬᠤᠷᠠᠯ ᠳᠤ ᠣᠷᠣᠯᠴᠠᠨ ᠵᠢᠭᠠᠨ ᠵᠢᠯᠤᠭᠤᠳᠴᠠᠢ᠃ ᠰᠤᠮᠤᠨ ᠤ ᠨᠠᠮ ᠤᠨ ᠬᠤᠷᠢᠶ᠎ᠠ ᠨᠢ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠤᠷᠠᠯ ᠠᠴᠠ ᠡᠮᠦᠨ᠎ᠡ ᠳᠡᠭᠡᠳᠦ ᠱᠠᠲᠤᠨ ᠤ ᠱᠠᠭᠠᠷᠳᠠᠯᠭ᠎ᠠ ᠶᠤᠰᠤᠭᠠᠷ ᠠᠷᠭ᠎ᠠ ᠲᠦᠰᠦᠪ ᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂   ᠰᠤᠷᠤᠯᠴᠠᠵᠤ ᠰᠤᠳᠤᠯᠬᠤ ᠪᠠ ᠰᠡᠳᠬᠢᠯ ᠤᠨ ᠦᠭᠡ ᠪᠠᠨ ᠶᠠᠷᠢᠯᠴᠠᠬᠤ  ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ︽ᠲᠠᠪᠤ ᠶᠢ ᠳᠠᠭᠠᠭᠤᠯᠬᠤ︾ ᠲᠠᠢ ᠬᠠᠷᠢᠴᠠᠭᠤᠯᠤᠨ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠢ ᠵᠠᠳᠠᠯᠤᠯᠲᠠ ᠬᠢᠵᠦ᠂  ᠤᠳᠤᠷᠢᠳᠬᠤ ᠪᠠᠭ ᠪᠠ ᠬᠤᠪᠢ ᠬᠦᠮᠦᠨ ᠤ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠢ ᠲᠤᠭᠤᠷᠪᠢᠨ᠂  ᠡᠨᠡ  ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠤᠷᠠᠯ ᠲᠡᠭᠡᠷ᠎ᠡ᠂  ᠰᠤᠮᠤᠨ ᠤ ᠨᠠᠮ ᠤᠨ ᠬᠤᠷᠢᠶᠠᠨ ᠤ ᠱᠦᠵᠢ ᠣᠷᠭᠢᠯ ᠤᠳᠤᠷᠢᠳᠬᠤ ᠪᠠᠭ ᠢᠶᠠᠨ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠲᠦᠷᠦᠭᠦᠯᠡᠨ ᠥᠪᠡᠷ ᠤᠨ ᠰᠢᠭᠦᠮᠵᠢᠯᠡᠯ ᠬᠢᠵᠦ᠂ ᠨᠠᠮ ᠤᠨ ᠬᠤᠷᠢᠶᠠᠨ ᠤ ᠭᠡᠰᠢᠬᠦᠳ ᠨᠢᠭᠡᠳ ᠨᠢᠭᠡ ᠪᠠᠷ ᠰᠢᠭᠦᠮᠵᠢᠯᠡᠯ ᠪᠠ ᠦᠪᠡᠷ ᠤᠨ ᠰᠢᠬᠦᠮᠵᠢᠯᠡᠯ ᠬᠢᠵᠦ᠂ ᠬᠢᠨᠠᠨ ᠵᠢᠯᠤᠭᠤᠳᠬᠤ ᠲᠤᠭᠤᠶᠢᠯᠠᠩ ᠤᠨ ᠲᠠᠷᠤᠭ᠎ᠠ ᠵᠠᠩ ᠵᠢᠶᠦ᠋ᠨ  ᠠᠴᠠ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠦᠨᠡᠯᠡᠨ ᠨᠤᠳᠠᠯᠠᠭᠰᠠᠨ ᠪᠠᠶᠢᠨ᠎ᠠ᠃ ᠤᠷᠬᠢᠯ ᠳ᠋ᠦᠩᠨᠡᠯᠲᠡ ᠶᠢᠨ ᠶᠠᠷᠢᠶᠠᠨ ᠳᠠᠭᠠᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠳᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠥᠭᠡᠷᠡᠴᠢᠯᠡᠯᠲᠡ ᠶᠢ ᠤᠯᠠᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠠᠮᠠᠭᠠᠯᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠭᠡᠷᠡᠭᠳᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠶᠢ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠶᠠᠰᠤ ᠴᠢᠨᠠᠷ ᠢ ᠪᠠᠬᠢᠵᠢᠭᠦᠯᠦᠨ ᠦᠷ᠎ᠡ ᠪᠦᠳᠦᠮᠵᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠤᠯᠭᠠᠨ᠂ ᠪᠠᠶᠢᠴᠠᠭᠠᠨ ᠲᠡᠯᠭᠡᠭᠰᠡᠨ ᠠᠰᠠᠭᠤᠳᠠᠯ ᠳᠤ ᠴᠢᠭᠯᠡᠬᠦᠯᠵᠦ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ  ᠭᠠᠷᠭᠠᠵᠤ᠂ ᠳᠡᠭᠡᠳᠦ ᠲᠤᠤᠷᠠᠳᠤ ᠱᠠᠳᠤ   ᠪᠠᠷ ᠢᠶᠠᠨ ᠬᠠᠮᠵᠢᠯᠴᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠤᠯᠭᠠᠨ᠂  ᠨᠠᠮ ᠤᠨ ᠬᠤᠷᠢᠶᠠᠨ ᠤ ᠤᠳᠤᠷᠢᠳᠬᠤ ᠪᠠᠭ ᠤᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠬᠦ ᠬᠡᠷᠡᠭᠲᠡᠶ᠃  ᠠᠵᠢᠯ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠦᠪᠯᠡᠷᠡᠬᠦᠯᠵᠦ ᠪᠠᠶᠢᠭᠠᠳ ᠰᠤᠮᠤᠨ ᠤ ᠨᠠᠮ ᠤᠨ ᠬᠤᠷᠢᠶᠠᠨ ᠤ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ  ᠪᠠᠳᠠᠷᠠᠭᠤᠯᠤᠨ᠂ ᠡᠯ᠎ᠡ ᠲᠦᠷᠦᠯ ᠤᠨ ᠠᠵᠢᠯ ᠤᠨ ᠰᠢᠨ᠎ᠡ ᠪᠠᠶᠢᠳᠠᠯ ᠡᠭᠦᠳᠬᠦ᠂ ᠰᠢᠨ᠎ᠡ ᠭᠠᠪᠢᠶ᠎ᠠ ᠪᠠᠶᠢᠭᠤᠯᠬᠤ᠂ ᠰᠢᠨ᠎ᠡ ᠬᠠᠭᠤᠳᠠᠰᠤ ᠪᠢᠴᠢᠭᠯᠡᠬᠦ ᠶᠢ ᠠᠬᠢᠭᠤᠯᠬᠤ ᠭᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号