ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ | ᠭᠤᠷᠪᠠᠳᠤᠭᠠᠷ ᠬᠤᠷᠠᠯᠳᠤᠭᠠᠨ ᠠᠴᠠ ᠨᠠᠰᠢ᠂ ᠲᠠᠶᠢᠹᠤᠰᠧ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠨᠢ | ᠨᠡᠶᠢᠲᠡ 120 ᠬᠤᠪᠢ ᠰᠠᠨᠠᠯ ᠳᠤᠷᠠᠳᠤᠯᠭ᠎ᠠ ᠶᠢ ᠭᠥᠯᠢᠶᠡᠨ ᠠᠪᠴᠤ᠂ 116 ᠶᠢ ᠨᠢ ᠭᠡᠷᠡᠭ ᠪᠤᠯᠭᠠᠨ ᠲᠠᠩᠰᠠᠯᠠᠭᠠᠳ | ᠤᠳᠤ ᠪᠤᠯᠬᠤ ᠳᠤ ᠪᠦᠬᠦᠨ ᠢ ᠬᠦᠢᠴᠡᠳᠭᠡᠵᠡᠢ᠃ ᠡᠭᠦᠨ ᠳᠤ ᠠᠵᠤ ᠠᠬᠤᠶ ᠶᠢᠨ ᠪᠠᠶᠢᠭᠤᠯᠤᠯᠲᠠ ᠶᠢᠨ ᠬᠠᠮᠢᠶᠠᠳᠠᠢ | ᠰᠠᠨᠠᠯ ᠳᠤᠷᠠᠳᠤᠯᠭ᠎ᠠ 26 ᠬᠤᠪᠢ᠂ ᠨᠡᠶᠢᠭᠡᠮ ᠤᠨ ᠪᠠᠶᠢᠭᠤᠯᠤᠯᠲᠠ ᠶᠢᠨ ᠬᠠᠮᠢᠶᠠᠳᠠᠢ ᠰᠠᠨᠠᠯ ᠳᠤᠷᠠᠳᠤᠯᠭ᠎ᠠ 63 | ᠬᠤᠪᠢ᠂ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠬᠠᠮᠢᠶᠠᠳᠠᠢ ᠰᠠᠨᠠᠯ ᠳᠤᠷᠠᠳᠤᠯᠭ᠎ᠠ 18 ᠬᠤᠪᠢ᠂ | ᠠᠮᠢ ᠠᠬᠤᠶ ᠣᠷᠴᠢᠨ ᠲᠤᠭᠤᠷᠢᠨ ᠤ ᠬᠠᠮᠢᠶᠠᠳᠠᠢ ᠰᠠᠨᠠᠯ ᠳᠤᠷᠠᠳᠤᠯᠭ᠎ᠠ 9 ᠬᠤᠪᠢ ᠪᠣᠶ᠃ ᠤᠯᠤᠰ ᠲᠥᠷᠥ ᠶᠢᠨ | ᠵᠥᠪᠯᠡᠯᠭᠡᠨ ᠨᠢ ᠰᠠᠨᠠᠯ ᠳᠤᠷᠠᠳᠤᠯᠭ᠎ᠠ ᠶᠢ ᠲᠤᠰᠢᠶᠠᠨ ᠬᠦᠢᠴᠡᠳᠭᠡᠯᠬᠡᠬᠦ ᠬᠤᠷᠠᠯ ᠢ ᠱᠠᠭᠠᠷᠳᠠᠯᠭ᠎ᠠ ᠶᠣᠰᠣᠭᠠᠷ ᠬᠢᠭᠰᠡᠨ | ᠪᠥᠭᠡᠳ ᠣᠯᠠᠨ ᠲᠦᠮᠡᠨ ᠤ ᠠᠩᠬᠠᠷᠤᠯ ᠬᠠᠯᠠᠮᠵᠢᠯᠠᠯ ᠨᠡᠯᠢᠶᠡᠳ ᠲᠥᠪᠯᠡᠷᠡᠩᠭᠦᠶ ᠪᠠᠶᠢᠭ᠎ᠠ ᠠᠳᠠᠯ ᠠᠬᠤᠶ ᠶᠢᠨ | ᠦᠢᠯᠡᠴᠢᠯᠡᠭᠡᠨ ᠤ ᠬᠠᠮᠢᠶᠠᠷᠤᠯᠲᠠ ᠶᠢᠨ ᠠᠰᠠᠭᠤᠳᠠᠯ ᠪᠠ ᠲᠠᠷᠢᠶᠠᠯᠠᠬᠤ ᠣᠷᠣᠨ ᠤ ᠮᠠᠯ ᠠᠵᠤ ᠠᠬᠤᠶ ᠶᠢᠨ | ᠬᠥᠭᠵᠢᠯᠲᠡ ᠶᠢᠨ ᠠᠰᠠᠭᠤᠳᠠᠯ ᠢ ᠰᠣᠩᠭᠤᠨ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠬᠦᠢᠴᠡᠳᠭᠡᠬᠦ ᠵᠦᠪᠯᠡᠯᠭᠡ | ᠬᠢᠵᠦ᠂ ᠭᠡᠰᠢᠭᠦᠳ ᠢ ᠵᠣᠬᠢᠶᠠᠨ ᠪᠠᠶᠢᠭᠤᠯᠵᠤ ᠰᠠᠨᠠᠯ ᠳᠤᠷᠠᠳᠤᠯᠭ᠎ᠠ ᠶᠢ ᠬᠠᠷᠢᠭᠤᠴᠠᠨ ᠬᠦᠢᠴᠡᠳᠭᠡᠬᠦ ᠨᠢᠭᠡᠴᠡ ᠳᠤ | ᠤᠴᠢᠭᠤᠯᠤᠨ᠂ ᠬᠦᠢᠴᠡᠳᠭᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ︽ᠡᠷᠭᠢᠨ | ᠬᠠᠷᠠᠬᠤ︾ ᠠᠵᠢᠯᠯᠠᠭ᠎ᠠ ᠶᠢ ᠥᠷᠨᠢᠭᠦᠯᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠶᠢ | ᠲᠦᠷᠢᠮᠵᠢᠬᠦᠯᠬᠦ ᠰᠠᠨᠠᠯ ᠰᠠᠨᠠᠭᠤᠯᠭ᠎ᠠ ᠳᠤ ᠴᠢᠭᠯᠡᠭᠦᠯᠦᠨ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ | ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠱᠠᠭᠠᠷᠳᠠᠵᠤ | ᠪᠠᠶᠢᠭᠠᠳ ᠰᠠᠨᠠᠯ ᠳᠤᠷᠠᠳᠤᠯᠭ᠎ᠠ ᠬᠦᠢᠴᠡᠳᠭᠡᠬᠦ ᠠᠵᠢᠯ ᠢ ᠤᠯᠠᠮ ᠰᠠᠶᠢᠨ ᠨᠠᠶᠢᠳᠠᠪᠤᠷᠢᠵᠢᠭᠤᠯᠤᠭᠰᠠᠨ ᠪᠠᠶᠢᠨ᠎ᠠ᠃ |