2024 ᠣᠨ ᠳᠤ᠂ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ︽ᠠᠷᠠᠳ ᠤᠨ | ᠠᠮᠢᠳᠤᠷᠠᠯ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠠᠷᠠᠳ ᠲᠤ ᠲᠥᠬᠦᠮ | ᠦᠵᠡᠭᠦᠯᠵᠦ ᠠᠷᠠᠳ ᠲᠤ ᠠᠰᠢᠭ ᠬᠦᠷᠲᠡᠭᠡᠬᠦ ᠳᠥᠴᠢᠨ ᠬᠤᠶᠠᠷ ᠵᠤᠷᠪᠤᠰ ᠦᠢᠯᠡᠴᠢᠯᠡᠭᠡᠨ ᠤ ᠠᠷᠭ᠎ᠠ︾ ᠶᠢ | ᠨᠡᠶᠢᠳᠡᠯᠡᠨ᠂ ᠪᠠᠶᠢᠴᠠᠭᠠᠬᠤ ᠠᠵᠢᠯ ᠢᠶᠠᠷ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠳᠡᠭᠡᠭᠰᠡᠨ | ᠪᠠᠶᠢᠨ᠎ᠠ᠃ ᠰᠤᠮᠤ ᠰᠢᠶᠠᠩ ᠪᠠᠯᠭᠠᠰᠤᠨ ᠤ ᠠᠮᠤᠷ ᠲᠣᠭᠲᠠᠭᠤᠨ᠂ ᠵᠠᠰᠠᠭ ᠵᠠᠬᠢᠷᠭᠠᠨ ᠤ ᠨᠢᠬᠡᠴᠡ ᠶᠢᠨ ᠮᠡᠳᠡᠭᠡ ᠵᠠᠩᠭᠢ | ᠶᠢᠨ ᠨᠡᠶᠢᠳᠡᠯᠡᠯ ᠂ ᠨᠡᠶᠢᠭᠡᠮ ᠤᠨ ᠵᠠᠰᠠᠯᠲᠠ ᠳᠤ ᠬᠤᠯᠪᠤᠭᠳᠠᠭᠰᠠᠨ ᠪᠠᠶᠢᠴᠠᠭᠠᠬᠤ ᠰᠠᠨᠠᠭᠤᠯᠭ᠎ᠠ ᠶᠢ 2 ᠬᠤᠪᠢ | ᠭᠠᠷᠭᠠᠪᠠ ᠃ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠢᠨᠠᠯᠲᠠ ᠲᠠᠯᠪᠢᠬᠤ ᠠᠵᠢᠯᠯᠠᠭ᠎ᠠ | ᠥᠷᠨᠢᠭᠦᠯᠵᠦ᠂ ᠠᠷᠠᠳ ᠣᠯᠠᠨ ᠤ ᠳᠡᠷᠭᠡᠳᠡᠬᠢ ︽ᠡᠮ ᠤᠨ ᠬᠠᠶᠢᠷᠴᠠᠭ︾ ᠢ ᠪᠠᠳᠤᠯᠠᠨ ᠬᠠᠮᠠᠭᠠᠯᠠᠭᠰᠠᠨ ᠪᠦᠭᠡᠳ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠᠷ ᠬᠦᠨᠵᠡᠬᠡᠶᠢᠷᠡᠵᠦ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠠᠢ᠃ | ᠬᠤᠰᠢᠭᠤᠨ ᠤ ᠭᠡᠪᠴᠢᠶᠡᠨ ᠳᠠᠬᠢ ᠴᠠᠬᠢᠯᠭᠠᠨ ᠱᠠᠲᠤ᠂ ᠭᠠᠯ ᠤᠨᠲᠠᠷᠠᠭᠠᠭᠤᠷ ᠪᠠ ᠠᠶᠤᠯ ᠠᠴᠠ ᠵᠠᠶᠢᠯᠠᠬᠤ ᠵᠠᠮ ᠳᠤ | ᠪᠠᠶᠢᠴᠠᠭᠠᠯᠲᠠ ᠬᠢᠵᠦ᠂ ᠲᠦᠰᠦᠪ ᠲᠥᠯᠥᠪᠯᠡᠭᠡ ᠨᠢ ᠵᠦᠶ ᠵᠣᠬᠢᠰ ᠥᠬᠡᠶ᠂ ᠪᠥᠲᠥᠭᠡᠨ ᠪᠠᠶᠢᠭᠤᠯᠤᠯᠲᠠ ᠨᠢ | ᠲᠣᠭᠲᠠᠭᠠᠯ ᠳᠤ ᠨᠡᠶᠢᠴᠡᠬᠦ ᠥᠬᠡᠶ ᠵᠡᠷᠭᠡ ᠠᠰᠠᠭᠤᠳᠠᠯ ᠢ ᠲᠠᠩᠰᠠᠯᠠᠨ ᠪᠠᠶᠢᠴᠠᠭᠠᠭᠰᠠᠨ ᠪᠦᠭᠡᠳ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ︽ᠪᠠᠶᠢᠴᠠᠭᠠᠬᠤ + 12345︾ ᠬᠠᠮᠵᠢᠯᠴᠠᠭᠠᠨ ᠤ | ᠲᠣᠭᠲᠠᠴᠠ ᠶᠢ ᠪᠠᠶᠢᠭᠤᠯᠬᠤ ᠭᠡᠷ᠎ᠡ ᠲᠣᠭᠲᠠᠵᠤ᠂ ᠰᠠᠯᠠᠭ᠎ᠠ ᠮᠥᠴᠢᠷ ᠤᠨ ᠬᠠᠮᠳᠤᠷᠠᠯᠴᠠᠭ᠎ᠠ ᠶᠢ ᠠᠬᠢᠭᠤᠯᠤᠨ᠂ | ᠵᠣᠬᠢᠴᠠᠭᠤᠯᠤᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠪᠠ᠃ ︽12345︾ ᠲᠠᠪᠴᠠᠩ ᠤᠨ ᠢᠯᠡᠴᠢᠯᠡᠨ | ᠮᠡᠳᠡᠭᠦᠯᠦᠭᠰᠡᠨ ᠠᠭᠤᠯᠭ᠎ᠠ ᠶᠢ ᠰᠢᠭᠰᠢᠨ ᠪᠠᠶᠢᠴᠠᠭᠠᠬᠤ ᠪᠠᠷ ᠲᠠᠮᠵᠢᠭᠠᠳ᠂ ᠵᠠᠷᠢᠮ ᠠᠵᠤ ᠦᠢᠯᠡᠳᠪᠦᠷᠢ ᠶᠢᠨ ᠪᠣᠬᠢᠷ | ᠤᠰᠤ ᠨᠢ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠡᠷᠡᠭ ᠤᠨ ᠰᠦᠪᠡᠭᠴᠢ ᠶᠢ ᠢᠯᠡᠷᠡᠬᠦᠯᠵᠦ᠂ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠳᠠ ᠶᠢᠨ ᠰᠠᠯᠠᠭ᠎ᠠ ᠮᠦᠴᠢᠷ ᠲᠠᠢ ᠬᠤᠷᠠᠯ ᠬᠢᠵᠦ ᠵᠦᠪᠳᠡᠯᠴᠡᠨ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ︽ᠨᠠᠩ ᠲᠦᠷᠭᠡᠨ᠂ ᠨᠠᠩ ᠪᠣᠳᠠᠲᠠᠶ᠂ ᠨᠠᠩ ᠰᠠᠶᠢᠨ ᠰᠢᠢᠳᠪᠦᠷᠢᠯᠡᠬᠦ︾ ᠶᠢ | ᠠᠬᠢᠭᠤᠯᠤᠭᠰᠠᠨ ᠪᠠᠶᠢᠨ᠎ᠠ᠃ ᠮᠠᠨ ᠤ ᠬᠤᠰᠢᠭᠤᠨ ᠤ ᠠᠩᠬᠠᠳᠠᠭᠴᠢ ︽ᠬᠤᠣᠷᠲᠤ ᠪᠤᠷᠴᠠᠭ ᠤᠨ ᠰᠤᠶᠤᠭᠠᠨ ᠤ ᠬᠡᠷᠡᠭ︾ | ᠲᠤ ᠠᠯᠪᠠᠨ ᠵᠠᠭᠠᠯᠳᠤᠯᠭ᠎ᠠ ᠭᠠᠷᠭᠠᠵᠤ᠂ ᠵᠠᠭᠠᠯᠳᠤᠭᠳᠠᠭᠴᠢ ᠶᠢ 9 ᠰᠠᠷ᠎ᠠ ᠬᠤᠭᠤᠴᠠᠭ᠎ᠠ ᠲᠠᠢ ᠬᠤᠷᠢᠬᠤ ᠪᠠᠷ | ᠰᠢᠳᠭᠡᠭᠰᠡᠨ ᠪᠦᠭᠡᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠲᠠᠢ ᠵᠠᠰᠠᠭ ᠵᠠᠬᠢᠷᠭᠠᠨ ᠤ ᠡᠭᠦᠷᠭᠡ ᠬᠠᠷᠢᠭᠤᠴᠠᠯᠭ᠎ᠠ ᠶᠢᠨ ᠵᠥᠪᠳᠡᠯᠴᠡᠭᠡᠨ ᠤ | ᠬᠤᠷᠠᠯ ᠬᠤᠷᠠᠯᠳᠤᠭᠤᠯᠵᠤ᠂ ᠢᠳᠡᠭᠡᠨ ᠤᠮᠳᠠᠭᠠᠨ ᠤ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠴᠢᠨᠠᠭᠰᠢᠳᠠ ᠴᠢᠩᠭᠠᠳᠬᠠᠨ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠳᠤᠯᠠᠨ | ᠬᠠᠮᠠᠭᠠᠯᠠᠪᠠ᠃ | ︽ᠪᠠᠶᠢᠴᠠᠭᠠᠬᠤ +︾ ᠪᠠᠭᠤᠷᠠᠶᠢᠴᠤᠤᠯ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠠᠶᠢᠷᠢ ᠶᠢᠨ | ᠦᠢᠯᠡᠳᠦᠯ ᠢ ᠬᠦᠢᠴᠡᠳ ᠪᠠᠳᠠᠷᠠᠭᠤᠯᠵᠤ᠂ ᠪᠠᠭᠤᠷᠠᠶᠢᠴᠤᠤᠯ ᠤᠨ ᠡᠷᠬᠡ ᠠᠰᠢᠭ ᠤᠨ ᠬᠠᠮᠠᠭᠠᠯᠠᠯᠳᠠ ᠶᠢ ᠪᠠᠳᠤᠯᠠᠨ᠂ | ᠨᠠᠰᠤᠨ ᠳᠤ ᠥᠯᠥ ᠭᠦᠷᠦᠭᠰᠡᠳ᠂ ᠵᠡᠮᠳᠡᠭᠴᠦᠳ ᠂ ᠡᠮᠡᠭᠲᠡᠶᠢᠴᠦᠳ ᠵᠡᠷᠭᠡ ︽ᠪᠠᠭᠤᠷᠠᠶᠢᠴᠤᠤᠯ︾ ᠳᠤ | ᠬᠤᠯᠪᠣᠭᠳᠠᠭᠰᠠᠨ 6 ᠬᠡᠷᠡᠭ 6 ᠬᠥᠮᠦᠨ ᠢ ᠭᠥᠯᠢᠶᠡᠨ ᠠᠪᠴᠤ ᠰᠢᠢᠳᠪᠦᠷᠢᠯᠡᠵᠡᠢ᠃ ᠬᠠᠤᠯᠢ ᠴᠠᠭᠠᠵᠠ ᠶᠢᠨ ᠠᠪᠤᠷᠠᠨ | ᠲᠤᠰᠠᠯᠠᠬᠤ ᠡᠷᠴᠢᠮ ᠢ ᠴᠢᠩᠭᠠᠷᠠᠭᠤᠯᠵᠤ᠂ 6 ᠤᠳᠠᠭᠠᠨ ᠤ ᠠᠪᠤᠷᠠᠨ ᠲᠤᠰᠠᠯᠠᠬᠤ ᠬᠡᠷᠡᠭ ᠢ ᠬᠦᠢᠴᠡᠳᠭᠡᠨ᠂ 7.5 | ᠲᠦᠮᠡᠨ ᠲᠥᠭᠦᠷᠢᠭ ᠠᠪᠤᠷᠠᠨ ᠲᠤᠰᠠᠯᠠᠬᠤ ᠮᠥᠩᠭᠦ ᠶᠢ ᠲᠠᠷᠬᠠᠭᠠᠵᠤ᠂ ᠰᠡᠳᠬᠢᠴᠡ ᠶᠢᠨ ᠵᠢᠯᠤᠭᠤᠳᠤᠯᠭ᠎ᠠ᠂ | ᠨᠡᠶᠢᠭᠡᠮ ᠤᠨ ᠪᠠᠲᠤᠯᠠᠭ᠎ᠠ᠂ ᠬᠠᠤᠯᠢ ᠶᠢᠨ ᠲᠤᠰᠠᠯᠠᠮᠵᠢ ᠶᠢᠨ ᠠᠷᠭ᠎ᠠ ᠮᠠᠶ᠋ᠢᠭ ᠢᠶᠠᠷ ᠲᠤᠰᠠᠯᠠᠮᠵᠢ ᠦᠵᠡᠬᠦᠯᠦᠭᠡᠳ᠂ | ᠪᠠᠭᠤᠷᠠᠶᠢᠴᠤᠤᠯ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠭᠰᠠᠨ ᠪᠠᠶᠢᠨ᠎ᠠ᠃ ᠬᠤᠰᠢᠭᠤᠨ ᠤ | ᠠᠵᠢᠯᠴᠢᠨ ᠤ ᠶᠡᠷᠦᠩᠬᠡᠶ ᠡᠪᠯᠡᠯ ᠲᠠᠢ ︽ᠪᠠᠶᠢᠴᠠᠭᠠᠬᠤ ᠬᠤᠷᠢᠶ᠎ᠠ + ᠠᠵᠢᠯᠴᠢᠨ ᠤ ᠡᠪᠯᠡᠯ︾ ᠬᠥᠳᠡᠯᠮᠦᠷᠢᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠤᠭᠠᠳ᠂ ᠪᠠᠶᠢᠴᠠᠭᠠᠬᠤ | ᠬᠤᠷᠢᠶ᠎ᠠ ᠪᠠ ᠠᠵᠢᠯᠴᠢᠨ ᠤ ᠡᠪᠯᠡᠯ ᠤᠨ ᠲᠠᠪᠬᠤᠷ ᠬᠢᠨᠠᠯᠳᠠ ᠶᠢ ᠪᠡᠶᠡᠯᠡᠭᠦᠯᠵᠦ᠂ ᠬᠥᠳᠡᠯᠮᠦᠷᠢᠴᠢᠳ ᠤᠨ ᠬᠠᠤᠯᠢ | ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠪᠠ᠃ 2024 ᠣᠨ ᠳᠤ 2 ᠬᠡᠷᠡᠭ ᠤᠨ ᠵᠠᠭᠠᠯᠳᠤᠯᠭ᠎ᠠ ᠶᠢ | ᠲᠡᠮᠵᠢᠵᠦ᠂ ᠬᠥᠯᠥᠰᠥᠨ ᠠᠵᠢᠯᠴᠢᠨ ᠢ ᠬᠠᠪᠰᠤᠷᠤᠨ 37000 ᠲᠥᠭᠦᠷᠢᠭ ᠤᠨ ᠴᠠᠯᠢᠩ ᠢ ᠨᠢ ᠣᠯᠭᠤᠵᠤ᠂ | ᠬᠠᠯᠳᠠᠯᠭ᠎ᠠ ᠳᠤ ᠤᠴᠠᠷᠠᠭᠰᠠᠨ ᠨᠠᠰᠤᠨ ᠳᠤ ᠥᠯᠥ ᠭᠦᠷᠦᠭᠰᠡᠳ ᠲᠤ 14 ᠲᠦᠮᠡ ᠭᠠᠷᠤᠶ ᠲᠥᠭᠦᠷᠢᠭ ᠤᠨ ᠢᠷᠭᠡᠨ ᠤ | ᠬᠡᠷᠡᠭ ᠤᠨ ᠲᠥᠯᠥᠪᠦᠷᠢ ᠶᠢ ᠤᠯᠭᠤᠭᠠᠳ᠂ ᠬᠥᠯᠥᠰᠥᠨ ᠠᠵᠢᠯᠴᠢᠨ ᠪᠠ ᠨᠠᠰᠤᠨ ᠳᠤ ᠥᠯᠥ ᠭᠦᠷᠦᠭᠰᠡᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠭᠰᠠᠨ ᠪᠠᠶᠢᠨ᠎ᠠ᠃ | ︽ᠵᠠᠬᠢᠳᠠᠯ ᠰᠤᠷᠪᠤᠯᠵᠢᠯᠠᠭ᠎ᠠ ᠪᠦᠬᠦᠨ ᠳᠤ ᠬᠠᠷᠢᠭᠤᠯᠲᠠ ᠥᠭᠬᠦ︾ ᠶᠢ ᠪᠠᠶᠢᠩᠭᠤ ᠶᠢᠨ ᠴᠢᠨᠠᠷᠳᠠᠢ ᠪᠣᠳᠠᠲᠠᠶ | ᠠᠳᠬᠤᠵᠤ᠂ ᠨᠡᠶᠢᠭᠡᠮ ᠤᠨ ᠵᠥᠷᠢᠴᠡᠯ ᠢ ᠠᠷᠢᠯᠭᠠᠬᠤ ᠠᠷᠭ᠎ᠠ ᠵᠠᠮ ᠢ ᠰᠠᠭᠠᠳ ᠥᠬᠡᠶ ᠨᠡᠪᠳᠡᠷᠡᠬᠦᠯᠦᠨ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠶ ᠬᠠᠷᠢᠭᠤᠯᠲᠠ ᠥᠭᠴᠦ᠂ ᠲᠤᠯᠤᠭᠠᠨ ᠡᠳᠦᠷ ᠤᠨ ᠳᠣᠲᠣᠷ᠎ᠠ | ᠬᠠᠷᠢᠭᠤᠯᠳᠠ ᠦᠭᠬᠦ ᠨᠤᠷᠮ᠎ᠠ ᠪᠠ ᠭᠤᠷᠪᠠᠨ ᠰᠠᠷ᠎ᠠ ᠶᠢᠨ ᠳᠣᠲᠣᠷ᠎ᠠ ᠰᠢᠢᠳᠪᠦᠷᠢᠯᠡᠵᠦ ᠲᠠᠭᠤᠰᠬᠠᠬᠤ ᠨᠣᠷᠮ᠎ᠠ ᠪᠦᠷ | 100 % ᠳᠤ ᠬᠦᠷᠦᠭᠰᠡᠨ ᠪᠦᠭᠡᠳ ᠬᠤᠷᠢᠶᠠᠨ ᠤ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠲᠦᠷᠢᠮ ᠢ ᠪᠠᠶᠢᠭᠤᠯᠵᠤ | 2024 ᠣᠨ ᠳᠤ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ 8 ᠬᠤᠪᠢ ᠵᠠᠬᠢᠳᠠᠯ ᠰᠣᠷᠪᠤᠯᠵᠢᠯᠠᠭ᠎ᠠ ᠶᠢᠨ | ᠬᠡᠷᠡᠭ ᠢ ᠲᠠᠭᠠᠭᠠᠴᠢᠯᠠᠨ ᠠᠪᠴᠤ᠂ 6 ᠶᠢ ᠨᠢ ᠨᠢᠬᠡᠨᠳᠡ ᠰᠢᠢᠳᠪᠦᠷᠢᠯᠡᠭᠡᠳ᠂ ᠦᠯᠡᠳᠡᠭᠰᠡᠨ 2 ᠢ ᠨᠢ ᠶᠠᠭ | ᠰᠢᠢᠳᠪᠦᠷᠢᠯᠡᠵᠦ ᠪᠤᠢ᠃ ︽ᠵᠥᠷᠢᠴᠡᠯ ᠤᠨ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︾ | ᠲᠤᠰᠬᠠᠶ ᠴᠡᠭᠴᠡᠯᠡᠯᠳᠡ ᠶᠢᠨ ᠠᠵᠢᠯ ᠢ ᠭᠦᠨᠵᠡᠭᠡᠶ ᠠᠬᠢᠭᠤᠯᠵᠤ᠂ 2022 ᠣᠨ ᠠᠴᠠ ᠨᠠᠰᠢᠬᠢ 600 ᠭᠠᠷᠤᠶ | ᠬᠡᠷᠡᠭ ᠢ ᠬᠢᠨᠠᠨ ᠪᠠᠶᠢᠴᠠᠭᠠᠵᠤ ᠰᠤᠳᠤᠯᠤᠨ ᠮᠠᠭᠠᠳᠯᠠᠪᠠ᠃ ᠡᠷᠡᠭᠦᠦ ᠶᠢᠨ ᠬᠡᠷᠡᠭ ᠤᠨ ᠡᠶᠡᠳᠡᠭᠦᠯᠭᠡ ᠶᠢᠨ ᠡᠷᠴᠢᠮ ᠢ | ᠴᠢᠩᠭᠠᠷᠠᠭᠤᠯᠵᠤ᠂ ᠬᠠᠤᠯᠢ ᠪᠤᠰᠤ ᠤᠯᠵᠠ ᠠᠰᠢᠭ ᠢ ᠨᠡᠬᠡᠮᠵᠢᠯᠡᠨ ᠠᠪᠴᠢᠷᠠᠵᠤ ᠬᠤᠬᠢᠷᠠᠯ ᠠᠴᠠ ᠠᠪᠤᠷᠠᠬᠤ ᠠᠵᠢᠯ ᠢ | ᠴᠢᠩᠭᠠᠳᠬᠠᠨ ᠂ ᠬᠤᠣᠷᠯᠠᠭᠳᠠᠭᠴᠢ ᠶᠢᠨ ᠠᠵᠤ ᠠᠬᠤᠢ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠵᠤ᠂ ᠨᠡᠶᠢᠭᠡᠮ ᠤᠨ ᠵᠥᠷᠢᠴᠡᠯ ᠢ ᠠᠷᠢᠯᠭᠠᠬᠤ ᠶᠢ ᠶᠡᠭᠡ ᠪᠠᠷ ᠠᠬᠢᠭᠤᠯᠵᠠᠢ᠃ 2024 ᠣᠨ ᠳᠤ ᠬᠠᠤᠯᠢ | ᠪᠤᠰᠤ ᠤᠯᠵᠠ ᠠᠰᠢᠭ ᠲᠤ ᠬᠤᠯᠪᠤᠭᠳᠠᠭᠰᠠᠨ 8 ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠰᠡᠵᠢᠭᠳᠡᠨ ᠢ | ᠢᠳᠬᠠᠵᠤ ᠰᠤᠷᠭᠠᠬᠤ ᠪᠠᠷ ᠲᠠᠮᠵᠢᠭᠠᠳ 168 ᠲᠦᠮᠡᠨ ᠲᠥᠭᠦᠷᠢᠭ ᠤᠨ ᠬᠠᠤᠯᠢ ᠪᠤᠰᠤ ᠤᠯᠵᠠ ᠠᠰᠢᠭ ᠢ ᠪᠤᠴᠠᠭᠠᠨ | ᠠᠪᠴᠢᠷᠠᠭᠰᠠᠨ ᠤ ᠬᠠᠮᠳᠤ ᠂ 20 ᠭᠠᠷᠤᠶ ᠲᠦᠮᠡᠨ ᠲᠥᠭᠦᠷᠢᠭ ᠤᠨ ᠬᠠᠤᠯᠢ ᠪᠤᠰᠤ ᠤᠯᠵᠠ ᠠᠰᠢᠭ ᠢ ᠳᠡᠭᠡᠭᠰᠢ | ᠲᠤᠰᠢᠶᠠᠵᠤ᠂ ᠨᠡᠶᠢᠭᠡᠮ ᠤᠨ ᠬᠠᠷᠢᠴᠠᠭ᠎ᠠ ᠶᠢ ᠵᠠᠰᠠᠨ ᠰᠡᠷᠭᠦᠭᠡᠬᠦ ᠳᠤ ᠲᠤᠰᠠ ᠪᠤᠯᠭᠠᠭᠰᠠᠨ ᠪᠠᠶᠢᠨ᠎ᠠ᠃ | ᠨᠠᠰᠤᠨ ᠳᠤ ᠦᠯᠦ ᠬᠦᠷᠦᠭᠰᠡᠳ ᠤᠨ ᠡᠷᠭᠡ ᠠᠰᠢᠭ ᠲᠤ ᠬᠠᠯᠳᠠᠭᠰᠠᠨ 2 ᠬᠡᠷᠡᠭ 2 ᠬᠦᠮᠦᠨ᠂ ᠨᠠᠰᠤᠨ ᠳᠤ | ᠦᠯᠦ ᠬᠦᠷᠦᠭᠡᠳᠦᠢ ᠪᠠᠷ ᠶᠠᠯ᠎ᠠ ᠬᠢᠭᠰᠡᠨ 5 ᠬᠡᠷᠡᠭ 5 ᠬᠦᠮᠦᠨ ᠤ ᠵᠠᠭᠠᠯᠳᠤᠯᠭ᠎ᠠ ᠶᠢ ᠬᠢᠨᠠᠨ ᠪᠠᠶᠢᠴᠠᠭᠠᠪᠠ᠃ ︽ᠮᠧᠩ | ᠰᠢᠶᠤᠤ ᠮᠠ︾ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠲᠠᠰᠤᠭ ᠢ ᠪᠠᠶᠢᠭᠤᠯᠵᠤ᠂ ︽ | ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠲᠤᠰᠬᠠᠶ ᠰᠡᠳᠬᠦᠯ︾ ᠢ ᠭᠡᠪᠯᠡᠬᠦᠯᠦᠭᠰᠡᠨ ᠪᠥᠭᠡᠳ | ᠬᠤᠰᠢᠭᠤ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠶᠢᠨ ᠨᠤᠳᠠᠯᠠᠯᠳᠠ ᠶᠢ ᠣᠯᠤᠭᠰᠠᠨ ᠪᠠᠶᠢᠨ᠎ᠠ᠃ ᠬᠡᠷᠡᠭ | ᠰᠢᠢᠳᠪᠦᠷᠢᠯᠡᠬᠦ ᠶᠠᠪᠤᠴᠠ ᠳᠠᠭᠠᠨ ᠨᠠᠰᠤᠨ ᠳᠤ ᠦᠯᠦ ᠬᠦᠷᠦᠭᠰᠡᠳ ᠢ ᠠᠭᠤᠴᠢᠯᠠᠨ ᠪᠠᠭᠳᠠᠭᠠᠬᠤ ᠪᠤᠯᠪᠠᠴᠤ | ᠳᠤᠷ᠎ᠠ ᠪᠠᠷ ᠨᠢ ᠲᠠᠯᠪᠢᠬᠤ ᠦᠭᠡᠢ ᠪᠠᠶᠢᠬᠤ ᠵᠠᠷᠴᠢᠮ ᠢ ᠪᠠᠷᠢᠮᠳᠠᠯᠠᠵᠤ᠂ ᠬᠥᠮᠥᠵᠢᠭᠦᠯᠵᠦ ᠠᠪᠤᠷᠠᠬᠤ ᠶᠢ ᠴᠢᠬᠤᠯᠠᠴᠢᠯᠠᠨ᠂ | ᠬᠠᠪᠰᠤᠷᠤᠨ ᠰᠤᠷᠭᠠᠬᠤ ᠠᠵᠢᠯ ᠢ 2 ᠤᠳᠠᠭ᠎ᠠ ᠥᠷᠨᠢᠭᠦᠯᠪᠡ᠃ ᠨᠠᠰᠤᠨ ᠳᠤ ᠦᠯᠦ ᠬᠦᠷᠦᠭᠰᠡᠳ ᠤᠨ ᠬᠢᠨᠠᠨ | ᠬᠠᠮᠠᠭᠠᠯᠠᠭᠴᠢ ᠨᠢ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠪᠠᠷ ᠲᠤᠳᠠᠮᠠᠭ ᠪᠠᠶᠢᠭ᠎ᠠ ᠵᠡᠷᠭᠡ ᠠᠰᠠᠭᠤᠳᠠᠯ ᠳᠤ | ᠴᠢᠭᠯᠡᠭᠦᠯᠦᠨ᠂ ᠭᠡᠷ ᠤᠨ ᠬᠥᠮᠦᠵᠢᠯ ᠤᠨ ᠵᠢᠯᠤᠭᠤᠳᠤᠯᠭ᠎ᠠ ᠶᠢ 3 ᠤᠳᠠᠭ᠎ᠠ ᠬᠢᠵᠦ᠂ ᠬᠢᠨᠠᠨ ᠬᠠᠮᠠᠭᠠᠯᠠᠬᠤ | ᠱᠠᠭᠠᠷᠳᠠᠯᠭ᠎ᠠ ᠶᠢ 3 ᠬᠤᠪᠢ ᠪᠠᠭᠤᠯᠭᠠᠨ᠂ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ | ᠭᠦᠢᠴᠡᠳᠬᠡᠯᠭᠡᠵᠦ᠂ ᠭᠡᠷ ᠤᠨ ᠬᠥᠮᠦᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠠᠢ᠃ | ᠨᠡᠶᠢᠭᠡᠮ ᠤᠨ ᠬᠦᠴᠦᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠷᠢᠭᠤᠯ ᠤᠨ ᠭᠠᠵᠠᠷ ᠲᠤ | ᠬᠦᠷᠴᠦ ᠮᠡᠬᠡᠯᠡᠯ ᠤᠨ ᠭᠡᠷᠡᠭ ᠢᠶᠠᠷ ᠬᠤᠷᠢᠭᠳᠠᠭᠰᠠᠨ ᠨᠠᠰᠤᠨ ᠳᠤ ᠬᠦᠷᠦᠭᠡᠳᠦᠢ ᠰᠡᠵᠢᠭᠳᠡᠨ ᠳᠤ ᠬᠤᠯᠪᠤᠭᠳᠠᠭᠰᠠᠨ | ᠭᠡᠷᠡᠴᠢᠯᠡᠯᠲᠡ ᠰᠣᠨᠣᠰᠬᠤ ᠬᠤᠷᠠᠯ ᠢ ᠬᠤᠷᠠᠯᠳᠤᠭᠤᠯᠵᠤ᠂ ᠠᠷᠠᠳ ᠤᠨ ᠬᠢᠨᠠᠯᠲᠠ ᠲᠠᠯᠪᠢᠭᠴᠢ ᠶᠢᠨ ᠰᠠᠨᠠᠯ ᠢ ᠪᠦᠬᠦ | ᠲᠠᠯ᠎ᠠ ᠪᠠᠷ ᠰᠤᠨᠤᠰᠬᠤ ᠪᠠᠷ ᠲᠠᠮᠵᠢᠭᠠᠳ᠂ ᠡᠴᠦᠰ ᠲᠡᠭᠡᠨ ᠪᠠᠷᠢᠪᠴᠢᠯᠠᠬᠤ ᠶᠢ ᠦᠯᠦ ᠵᠦᠪᠰᠢᠶᠡᠷᠡᠬᠦ ᠪᠠᠷ | ᠲᠤᠭᠳᠠᠭᠰᠠᠨ ᠪᠠᠶᠢᠨ᠎ᠠ᠃ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠬᠥᠲᠥᠯᠦᠨ ᠳᠠᠭᠠᠭᠤᠯᠬᠤ ᠦᠢᠯᠡᠳᠦᠯ ᠢ | ᠪᠠᠳᠠᠷᠠᠭᠤᠯᠵᠤ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠨᠢᠭᠡᠴᠡ ᠲᠠᠢ ᠬᠠᠮᠳᠤᠷᠠᠨ᠂ | ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠨᠡᠶᠢᠭᠡᠮ ᠤᠨ ᠳᠡᠮᠵᠢᠯᠭᠡ ᠶᠢᠨ ᠰᠢᠰᠲ᠋ᠧᠮᠵᠢ ᠶᠢ ᠪᠠᠶᠢᠭᠤᠯᠬᠤ | ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ︽ᠲᠠᠶᠢᠹᠤᠰᠧ ᠬᠤᠰᠢᠭᠤᠨ ᠤ ᠨᠠᠰᠤᠨ ᠳᠤ ᠥᠯᠥ ᠭᠦᠷᠦᠭᠰᠡᠳ ᠤᠨ | ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠨᠡᠶᠢᠭᠡᠮ ᠤᠨ ᠳᠡᠮᠵᠢᠯᠭᠡ ᠶᠢᠨ ᠰᠢᠰᠲ᠋ᠧᠮᠵᠢ ᠶᠢ ᠪᠠᠶᠢᠭᠤᠯᠬᠤ ᠲᠤᠬᠠᠶ | ᠬᠡᠷᠡᠭᠵᠢᠭᠦᠯᠬᠦ ᠠᠷᠭ᠎ᠠ︾ ᠶᠢ ᠲᠤᠭᠳᠠᠭᠠᠨ ᠂ ᠠᠵᠢᠯ ᠢᠶᠠᠨ ᠪᠦᠲᠦᠮᠵᠢᠲᠡᠶ ᠵᠣᠯᠭᠠᠭᠤᠯᠵᠤ᠂ ᠨᠠᠷᠢᠯᠢᠭ ᠣᠨᠣᠴᠠᠲᠠᠶ ᠪᠠᠷ | ᠭᠡᠷᠡᠭᠵᠢᠬᠦᠯᠪᠡ᠃ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤ ᠪᠡᠭᠡᠵᠢᠩ ᠤᠨ ᠴᠠᠩᠫᠢᠩ ᠬᠤᠶᠠᠳᠤᠭᠠᠷ | ᠳᠤᠮᠳᠠᠳᠤ ᠰᠤᠷᠭᠠᠭᠤᠯᠢ ᠳᠤ ᠬᠦᠷᠴᠦ ᠰᠤᠷᠤᠯᠴᠠᠨ ᠰᠤᠳᠤᠯᠬᠤ ᠠᠵᠢᠯᠯᠠᠭ᠎ᠠ ᠦᠷᠨᠢᠬᠦᠯᠦᠨ᠂ ᠲᠡᠷᠢᠭᠦᠨ ᠤ ᠭᠠᠵᠠᠷ | ᠣᠷᠣᠨ ᠠᠴᠠ ᠲᠤᠷᠰᠢᠯᠭ᠎ᠠ ᠦᠪᠯᠡᠨ ︽ᠨᠣᠮ ᠵᠠᠯᠠᠵᠤ︾ ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ | ᠦᠰᠦᠨ ᠪᠤᠶᠢᠵᠢᠬᠤ ᠳᠤ ᠪᠠᠳᠤᠯᠠᠭ᠎ᠠ ᠬᠠᠩᠭᠠᠭᠰᠠᠨ ᠪᠦᠭᠡᠳ ᠰᠤᠷᠭᠠᠨ ᠬᠥᠮᠦᠵᠢᠯ ᠤᠨ ᠲᠣᠪᠴᠢᠶ᠎ᠠ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤ ᠪᠠᠷ ᠬᠦᠴᠢᠷᠳᠡᠯ ᠳᠤ ᠲᠤᠯᠭᠠᠷᠠᠭᠰᠠᠨ ᠬᠡᠦᠭᠡᠳ ᠪᠠᠭᠠᠴᠤᠳ ᠢ ᠬᠠᠪᠰᠤᠷᠤᠨ | ᠲᠤᠰᠠᠯᠠᠬᠤ ᠲᠤᠰᠬᠠᠶ ᠰᠠᠭᠤᠷᠢ ᠮᠥᠩᠭᠦ ᠶᠢ ᠲᠤᠬᠢᠷᠠᠭᠤᠯᠵᠤ᠂ ᠪᠦᠬᠦ ᠬᠤᠰᠢᠭᠤᠨ ᠤ ᠨᠠᠰᠤᠨ ᠳᠤ ᠥᠯᠥ | ᠭᠦᠷᠦᠭᠰᠡᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ | ᠵᠡᠷᠭᠡ ᠠᠵᠢᠯ ᠳᠤ ᠭᠡᠷᠡᠭᠯᠡᠪᠡ᠃ 2024 ᠣᠨ ᠳᠤ 9 ᠬᠥᠮᠥᠨ ᠪᠠ 2 ᠠᠵᠤ ᠠᠬᠤᠶᠢᠯᠠᠯ ᠠᠴᠠ ᠰᠠᠭᠤᠷᠢ ᠮᠦᠩᠬᠦ | ᠳᠤ ᠨᠡᠶᠢᠳᠡ 114500 ᠲᠥᠭᠦᠷᠢᠭ ᠤᠨ ᠨᠡᠮᠡᠷᠢ ᠬᠠᠨᠳᠢᠪ ᠡᠷᠬᠦᠵᠡᠢ᠃ ᠰᠡᠳᠬᠢᠴᠡ ᠶᠢᠨ ᠡᠷᠡᠭᠦᠯ ᠮᠡᠨᠳᠦ ᠶᠢᠨ | ᠬᠢᠴᠢᠶᠡᠯ ᠪᠣᠯᠪᠠᠰᠤᠷᠠᠯ ᠢ ᠢᠳᠡᠪᠬᠢᠳᠡᠢ ᠡᠷᠬᠢᠯᠡᠨ᠂ ᠪᠡᠭᠡᠵᠢᠩ ᠤᠨ ᠴᠠᠩᠫᠢᠩ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠰᠡᠳᠬᠢᠴᠡ ᠶᠢᠨ ᠵᠢᠯᠤᠭᠤᠳᠤᠯᠭ᠎ᠠ ᠶᠢᠨ ᠪᠠᠭᠰᠢ ᠶᠢ ᠤᠷᠢᠵᠤ ᠪᠥᠬᠦ ᠬᠤᠰᠢᠭᠤᠨ ᠤ 26 ᠨᠡᠷ᠎ᠡ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠲᠠᠨ ᠳᠤ ᠲᠤᠰᠬᠠᠶ ᠰᠡᠳᠦᠪᠲᠦ ᠪᠣᠯᠪᠠᠰᠤᠷᠠᠯ ᠬᠦᠷᠲᠡᠭᠡᠵᠦ | ᠮᠠᠨ ᠤ ᠬᠤᠰᠢᠭᠤᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠲᠠᠨ ᠤ ᠲᠤᠰᠬᠠᠶ ᠮᠡᠷᠭᠡᠵᠢᠯ ᠤᠨ | ᠬᠢᠷᠢ ᠲᠦᠪᠰᠢᠨ ᠢ ᠤᠯᠠᠮ ᠲᠡᠭᠡᠭᠰᠢᠯᠡᠬᠦᠯᠵᠡᠢ᠃ ᠪᠠᠶᠢᠴᠠᠭᠠᠬᠤ ᠬᠤᠷᠢᠶ᠎ᠠ ᠪᠠ ᠰᠤᠷᠭᠠᠭᠤᠯᠢ ᠶᠢᠨ ᠬᠦᠷᠢᠶᠡᠨ ᠤ ᠬᠠᠮᠲᠤ | ᠶᠢᠨ ᠪᠠᠶᠢᠭᠤᠯᠤᠯᠳᠠ ᠶᠢ ᠴᠢᠩᠭᠠᠳᠬᠠᠵᠤ᠂ 2024 ᠣᠨ ᠳᠤ ᠬᠠᠤᠯᠢ ᠪᠠᠷ ᠵᠠᠰᠠᠬᠤ ᠳᠡᠳ᠋ ᠵᠠᠬᠢᠷᠤᠯ ᠢ | ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠠᠵᠢᠯᠯᠠᠭ᠎ᠠ ᠶᠢ 7 ᠤᠳᠠᠭ᠎ᠠ ᠦᠷᠨᠢᠬᠦᠯᠦᠨ᠂ ᠪᠠᠶᠢᠴᠠᠭᠠᠬᠤ | ᠬᠤᠷᠢᠶᠠᠨ ᠤ ᠨᠡᠭᠡᠭᠡᠯᠳᠡᠳᠦ ᠡᠳᠦᠷ ᠤᠨ ᠠᠵᠢᠯᠯᠠᠭ᠎ᠠ ᠶᠢ 3 ᠤᠳᠠᠭ᠎ᠠ ᠥᠷᠨᠢᠭᠦᠯᠵᠦ᠂ 500 ᠭᠠᠷᠤᠶ ᠪᠠᠭᠰᠢ | ᠰᠤᠷᠤᠭᠴᠢᠳ ᠢ ᠬᠠᠮᠤᠷᠤᠨ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠠ ᠶᠠᠯᠠᠳᠤ ᠠᠵᠢᠯᠯᠠᠭᠠᠨ ᠤ | ᠰᠡᠷᠭᠡᠶᠢᠯᠡᠯᠳᠡ ᠶᠢ ᠪᠠᠶᠢᠩᠭᠤ ᠶᠢᠨ ᠴᠢᠨᠠᠷᠳᠠᠢ ᠠᠵᠢᠯ ᠪᠣᠯᠭᠠᠨ ᠴᠢᠩᠭ᠎ᠠ ᠪᠦᠭᠡᠳ ᠪᠣᠳᠠᠲᠠᠶ ᠠᠳᠬᠤᠪᠠ᠃ |