ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢᠶᠠᠷ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯ ᠤᠨ ᠲᠥᠷᠥᠭᠳᠡᠯ | ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ ᠤᠨ 1 ᠳ᠋ᠦ᠋ᠭᠡᠷ | ᠰᠠᠷ᠎ᠠ ᠠᠴᠠ ᠨᠠᠭᠠᠰᠢ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠡᠮᠴᠢᠯᠡᠭᠡ ᠵᠡᠷᠭᠡ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ︕ | ᠬᠠᠮᠲᠤ ᠪᠠᠷ ᠦᠵᠡᠵᠡᠭᠡᠶ᠎ᠡ — | ᠰᠤᠷᠭᠠᠨ ᠬᠥᠮᠦᠵᠢᠯ ᠤᠨ ᠲᠠᠯ᠎ᠠ ᠪᠠᠷ | ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ | ᠬᠦᠲᠦᠯᠪᠦᠷᠢ ︵2024 — 2035 ᠣᠨ︶︾ ᠶᠢ ᠳᠠᠷᠤᠮᠠᠯᠯᠠᠨ ᠲᠠᠷᠬᠠᠭᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ | ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ | ᠬᠦᠲᠦᠯᠪᠦᠷᠢ ︵2024 — 2035 ᠣᠨ︶︾ ᠶᠢ ᠳᠠᠷᠤᠮᠠᠯᠯᠠᠨ ᠲᠠᠷᠬᠠᠭᠠᠵᠤ᠂ ᠬᠤᠶᠠᠷ ᠠᠯᠬᠤᠮ ᠢᠶᠠᠷ ᠶᠠᠪᠤᠬᠤ | ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠭᠲᠠᠭᠠᠪᠠ᠃ 2027 ᠣᠨ ᠪᠣᠯᠬᠤ ᠳᠤ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠱᠠᠲᠤᠴᠢ ᠴᠢᠨᠠᠷᠲᠠᠢ ᠴᠢᠬᠤᠯᠠ ᠦᠷ᠎ᠡ | ᠪᠦᠲᠦᠮᠵᠢ ᠣᠯᠣᠨ᠎ᠠ᠃ 2035 ᠣᠨ ᠪᠣᠯᠬᠤ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠪᠠᠶᠢᠭᠤᠯᠤᠨ᠎ᠠ᠃ ︽ᠬᠥᠲᠥᠯᠪᠦᠷᠢ︾ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ | ᠲᠡᠩᠴᠡᠭᠦᠷᠢᠲᠡᠢ ᠬᠥᠭᠵᠢᠭᠦᠯᠬᠦ ᠶᠢ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠯᠤᠭ᠎ᠠ ᠤᠷᠭᠠᠨᠢᠭ ᠢᠶᠠᠷ | ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯ ᠬᠦᠷᠲᠡᠭᠡᠵᠦ ᠲᠦᠭᠡᠮᠡᠯ | ᠬᠠᠷᠠᠭᠠᠯᠵᠠᠬᠤ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠣᠯᠠᠨ | ᠶᠠᠩᠵᠤᠴᠢᠯᠠᠨ ᠬᠥᠭᠵᠢᠬᠦ ᠶᠢ ᠠᠬᠢᠭᠤᠯᠤᠨ᠎ᠠ ᠭᠡᠵᠦ ᠳᠤᠷᠠᠳᠴᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠰᠢᠨᠵᠢᠯᠡᠭᠡᠨ ᠤ ᠰᠠᠯᠠᠭᠠᠨ ᠤ ᠲᠤᠰᠬᠠᠢ | ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ | ᠡᠵᠡᠨ ᠮᠡᠳᠡᠬᠦ ᠡᠷᠬᠡ ᠣᠯᠭᠤᠨ᠎ᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠢᠶᠠᠷ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠠᠵᠢᠯ ᠢ ᠰᠤᠳᠤᠯᠪᠠ᠃ ᠬᠤᠷᠠᠯᠳᠤᠭᠠᠨ ᠢᠶᠠᠷ᠂ ᠶᠡᠭᠡ ᠳᠡᠭᠡᠳᠦ ᠰᠤᠷᠭᠠᠭᠤᠯᠢ ᠶᠢᠨ | ᠬᠥᠮᠥᠨ ᠬᠥᠮᠥᠵᠢᠭᠦᠯᠬᠦ ᠠᠷᠭ᠎ᠠ ᠬᠡᠯᠪᠡᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠤᠮᠢᠶ᠎ᠠ᠂ ᠰᠤᠷᠭᠠᠭᠤᠯᠢ | ᠡᠷᠬᠢᠯᠡᠬᠦ ᠬᠡᠪ ᠵᠠᠭᠪᠤᠷ᠂ ᠵᠠᠰᠠᠯᠲᠠ ᠶᠢᠨ ᠲᠣᠭᠲᠠᠯᠴᠠᠭ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠴᠢᠳᠠᠪᠤᠷᠢᠲᠠᠨ ᠤ ᠰᠠᠶᠢᠨ ᠣᠷᠴᠢᠯ ᠢ ᠰᠢᠯᠤᠭᠤᠳᠬᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠲᠡᠢ ᠲᠤᠯᠭᠠᠭᠤᠷᠢᠯᠠᠯ | ᠬᠠᠩᠭᠠᠬᠤ ᠬᠡᠷᠡᠭᠲᠡᠢ᠃ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ ᠶᠢ ᠥᠭᠡᠷᠡᠴᠢᠯᠡᠯᠲᠡ ᠶᠢᠨ ᠭᠤᠣᠯᠳᠠᠯᠭ᠎ᠠ ᠪᠠᠨ ᠪᠣᠯᠭᠠᠵᠤ᠂ ᠶᠡᠭᠡ ᠳᠡᠭᠡᠳᠦ | ᠰᠤᠷᠭᠠᠭᠤᠯᠢ ᠨᠤᠭᠤᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠬᠤ ᠬᠡᠷᠡᠭᠲᠡᠢ᠃ ᠰᠤᠷᠭᠠᠨ ᠬᠥᠮᠦᠵᠢᠯ ᠤᠨ | ᠦᠨᠡᠯᠡᠯᠲᠡ ᠶᠢᠨ ᠲᠣᠭᠲᠠᠯᠴᠠᠭᠠᠨ ᠤ ᠥᠭᠡᠷᠡᠴᠢᠯᠡᠯᠲᠡ ᠶᠢᠨ ᠳᠣᠬᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠶᠡᠭᠡ ᠳᠡᠭᠡᠳᠦ ᠰᠤᠷᠭᠠᠭᠤᠯᠢ ᠶᠢᠨ ᠣᠨᠴᠠᠯᠢᠭᠲᠤ ᠬᠥᠭᠵᠢᠯᠲᠡ᠂ ᠪᠠᠭᠰᠢ ᠶᠢᠨ ᠨᠢᠭᠡ ᠰᠡᠳᠬᠢᠯ ᠢᠶᠠᠷ ᠵᠢᠭᠠᠨ ᠰᠤᠷᠭᠠᠵᠤ | ᠰᠤᠳᠤᠯᠤᠯᠲᠠ ᠬᠢᠬᠦ ᠳᠤ ᠨᠢ ᠰᠠᠶᠢᠨ ᠰᠠᠶᠢᠬᠠᠨ ᠣᠷᠴᠢᠨ ᠨᠦᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠳᠤ ᠬᠤᠯᠪᠣᠭᠳᠠᠨ᠎ᠠ᠂ ᠰᠤᠷᠭᠠᠨ ᠬᠥᠮᠦᠵᠢᠯ ᠤᠨ | ᠶᠠᠮᠤᠨ ᠪᠢᠴᠢᠭ ᠮᠠᠲ᠋ᠧᠷᠢᠶᠠᠯ ᠲᠠᠷᠬᠠᠭᠠᠪᠠ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠤᠨ ᠠᠵᠢᠯ ᠤᠨ ᠵᠦᠭᠯᠡᠭᠦᠷ︾ ᠢ ᠳᠠᠷᠤᠮᠠᠯᠯᠠᠨ ᠲᠠᠷᠬᠠᠭᠠᠵᠤ᠂ ᠠᠯᠪᠠᠨ ᠵᠠᠷᠤᠳᠠᠯ ᠢᠶᠠᠷ | ᠬᠥᠮᠥᠵᠢᠭᠦᠯᠬᠦ ᠪᠠᠭᠰᠢ ᠶᠢᠨ ᠮᠡᠷᠭᠡᠵᠢᠯ ᠤᠨ ᠰᠣᠷᠣᠭᠴᠢ ᠶᠢᠨ ᠲᠥᠷᠥᠯ ᠵᠦᠢᠯ ᠳᠤ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠰᠣᠷᠣᠭᠴᠢ ᠶᠢ ᠬᠥᠮᠥᠵᠢᠭᠦᠯᠬᠦ ᠬᠠᠷᠢᠴᠠᠯ ᠢᠶᠠᠨ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠴᠢᠨᠠᠷᠲᠠᠢ ᠶᠡᠭᠡ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠬᠥᠮᠥᠵᠢᠭᠦᠯᠬᠦ ᠶᠢ ᠨᠢ ᠳᠡᠮᠵᠢᠨ᠎ᠡ | ᠭᠡᠵᠦ ᠲᠣᠳᠣᠷᠬᠠᠢ ᠲᠣᠭᠲᠠᠭᠠᠵᠠᠢ᠃ ᠪᠠᠭ᠎ᠠ ᠰᠤᠷᠭᠠᠭᠤᠯᠢ ᠨᠢᠭᠡ ᠪᠦᠷᠢ ᠳᠤ ᠪᠠᠶᠢᠭᠠᠯᠢ ᠲᠧᠭᠨᠢᠭ ᠤᠨ ᠤᠬᠠᠭᠠᠨ ᠤ | ᠲᠥᠷᠥᠯ ᠤᠨ ᠰᠣᠷᠣᠯᠴᠠᠭᠰᠠᠨ ᠨᠠᠮᠲᠠᠷ ᠲᠠᠢ ᠮᠠᠰᠲ᠋ᠧᠷ ᠴᠤᠯᠠ ᠲᠠᠢ ᠰᠢᠨᠵᠢᠯᠡᠬᠦ ᠤᠬᠠᠭᠠᠨ ᠤ ᠪᠠᠭᠰᠢ ᠶᠢ ᠨᠠᠭᠠᠲᠤ | ᠵᠠᠬ᠎ᠠ ᠳᠤ ᠪᠠᠨ 1 ᠪᠠᠶᠢᠬᠤ ᠶᠢ ᠠᠬᠢᠭᠤᠯᠤᠨ᠂ ᠰᠤᠷᠭᠠᠭᠤᠯᠢ ᠨᠢᠭᠡ ᠪᠦᠷᠢ ᠳᠤ ᠰᠢᠨᠵᠢᠯᠡᠬᠦ ᠤᠬᠠᠭᠠᠨ ᠤ ᠳᠡᠳ᠋ ᠵᠠᠬᠢᠷᠤᠯ | ᠨᠠᠭᠠᠲᠤ ᠵᠠᠬ᠎ᠠ ᠳᠤ ᠪᠠᠨ 1 ᠪᠠᠶᠢᠬᠤ ᠶᠢ ᠦᠨᠡᠨ ᠬᠦ ᠪᠠᠲᠤᠯᠠᠨ᠎ᠠ᠃ | ᠠᠵᠢᠯ ᠣᠯᠭᠤᠯᠲᠠ ᠶᠢ ᠠᠬᠢᠭᠤᠯᠵᠤ᠂ ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠵᠡᠷᠭᠡ ᠲᠠᠯ᠎ᠠ ᠪᠠᠷ | ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠵᠦ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ | ᠥᠷᠨᠢᠭᠦᠯᠦᠨ᠎ᠡ ᠁ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠠᠵᠢᠯ | ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠪᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠢᠶᠠᠷ᠂ ᠠᠵᠢᠯ ᠣᠯᠭᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠲᠦᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠤᠳᠤᠯᠤᠨ ᠠᠬᠢᠭᠤᠯᠪᠠ᠃ ᠬᠤᠷᠠᠯᠳᠤᠭᠠᠨ ᠢᠶᠠᠷ᠂ ᠠᠵᠢᠯ ᠣᠯᠭᠤᠯᠲᠠ ᠶᠢ ᠤᠷᠢᠳ ᠢᠶᠠᠷ | ᠪᠣᠳᠣᠯᠬᠢᠯᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠪᠣᠯᠪᠠᠰᠤᠷᠠᠯ ᠢᠶᠠᠷ ᠬᠦᠴᠦᠨ | ᠴᠢᠳᠠᠮᠵᠢ ᠶᠢ ᠨᠢ ᠡᠷᠴᠢᠮᠯᠡᠬᠦ᠂ ᠦᠢᠯᠡᠴᠢᠯᠡᠭᠡ ᠪᠠᠷ ᠬᠦᠴᠦᠨ ᠨᠡᠮᠡᠷᠢᠯᠡᠬᠦ ᠶᠢ ᠴᠢᠩᠭᠠᠳᠬᠠᠨ᠂ ᠴᠢᠨᠠᠷ ᠰᠠᠶᠢᠲᠠᠢ | ᠭᠦᠢᠴᠡᠳ ᠠᠵᠢᠯ ᠣᠯᠭᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠢ᠃ ᠠᠵᠢᠯ ᠣᠯᠭᠤᠬᠤ ᠠᠵᠢᠯ ᠤᠨ ᠪᠠᠶᠢᠷᠢ ᠶᠢᠨ | ᠲᠠᠯᠳᠠ ᠬᠦᠴᠦᠨ ᠢ ᠨᠢ ᠠᠭᠤᠳᠠᠯᠤᠨ ᠪᠠᠭᠲᠠᠭᠠᠮᠵᠢ ᠶᠢ ᠨᠢ ᠥᠷᠭᠡᠳᠬᠡᠬᠦ ᠠᠵᠢᠯ ᠢ ᠬᠦᠴᠦᠯᠡᠨ ᠬᠢᠬᠦ ᠬᠡᠷᠡᠭᠲᠡᠢ᠃ | ᠭᠤᠣᠯᠳᠠᠯᠭ᠎ᠠ ᠪᠣᠯᠬᠤ ᠬᠦᠮᠦᠰ ᠲᠤ ᠠᠵᠢᠯ ᠣᠯᠭᠤᠬᠤ ᠶᠢ ᠲᠡᠳᠬᠦᠨ ᠳᠡᠮᠵᠢᠬᠦ ᠪᠠᠨ ᠨᠡᠮᠡᠭᠳᠡᠭᠦᠯᠵᠦ᠂ ᠠᠵᠢᠯ ᠤᠨ | ᠪᠠᠶᠢᠷᠢ ᠶᠢ ᠨᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠨᠢ ᠥᠷᠭᠡᠳᠬᠡᠬᠦ ᠲᠤᠰᠬᠠᠢ ᠵᠦᠢᠯ ᠤᠨ ᠵᠢᠭᠡᠯᠡᠯᠭᠡ ᠶᠢᠨ | ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠭ᠎ᠠ ᠶᠢᠨ ᠳᠠᠭᠠᠭᠠᠴᠢᠯᠠᠯᠲᠠ ᠶᠢᠨ ᠲᠣᠭᠲᠠᠯᠴᠠᠭᠠᠨ ᠤ ᠠᠵᠢᠯ ᠣᠯᠵᠤ ᠦᠢᠯᠡᠰ ᠴᠣᠭᠴᠠᠯᠠᠬᠤ ᠶᠢ ᠬᠦᠴᠦᠯᠡᠨ | ᠳᠡᠮᠵᠢᠬᠦ ᠶᠢ ᠨᠢ ᠠᠬᠢᠭᠤᠯᠵᠤ᠂ ᠠᠵᠢᠯ ᠤᠨ ᠪᠠᠶᠢᠷᠢ ᠶᠢ ᠨᠢ ᠥᠷᠭᠡᠳᠬᠡᠬᠦ ᠪᠠᠷ ᠨᠢᠭᠡ ᠯᠡ ᠤᠳᠠᠭ᠎ᠠ ᠶᠢᠨ ᠴᠢᠨᠠᠷᠲᠠᠢ | ᠨᠥᠬᠦᠪᠦᠷᠢ ᠣᠯᠭᠤᠬᠤ ᠡᠲᠡᠭᠡᠳ ᠤᠨ ᠬᠡᠪᠴᠢᠶ᠎ᠡ ᠶᠢ ᠰᠤᠳᠤᠯᠤᠨ ᠦᠷᠭᠡᠳᠬᠡᠬᠦ ᠬᠡᠷᠡᠭᠲᠡᠢ᠃ ᠶᠡᠭᠡ ᠬᠡᠪᠴᠢᠶᠡᠨ ᠤ | ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠵᠣᠷᠢᠭᠤᠳᠠ ᠪᠠᠷ ᠴᠠᠯᠢᠩ | ᠥᠷᠢᠲᠦᠬᠦ ᠶᠢ ᠴᠢᠩᠭ᠎ᠠ ᠵᠠᠯᠬᠠᠭᠠᠨ ᠰᠢᠢᠳᠬᠡᠵᠦ᠂ ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠨ᠎ᠠ | 1 ᠳ᠋ᠦ᠋ᠭᠡᠷ ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠢᠶᠠᠷ᠂ ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠬᠤ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ ᠴᠠᠯᠢᠩ ᠥᠷᠢᠲᠦᠬᠦ | ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠷᠬᠡ ᠪᠠᠨ | ᠬᠠᠮᠠᠭᠠᠯᠠᠬᠤ ᠠᠷᠭ᠎ᠠ ᠵᠠᠮ ᠢ ᠨᠢ ᠰᠠᠭᠠᠳ ᠦᠭᠡᠢ ᠨᠠᠪᠲᠠᠷᠡᠭᠦᠯᠵᠦ᠂ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ | ᠵᠠᠯᠬᠠᠭᠠᠨ ᠰᠢᠢᠳᠬᠡᠵᠦ᠂ ᠥᠷᠭᠡᠨ ᠣᠯᠠᠨ ᠬᠥᠯᠥᠰᠦᠨ ᠠᠵᠢᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ | ᠬᠦ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠪᠠ ᠲᠥᠪ ᠤᠨ ᠠᠵᠤ ᠠᠬᠤᠶᠢᠯᠠᠯ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠳ ᠢ ᠵᠢᠯᠣᠭᠤᠳᠴᠤ ᠪᠠᠶᠢᠭᠠᠳ ᠬᠥᠯᠥᠰᠦᠨ ᠠᠵᠢᠯᠴᠢᠳ ᠲᠤ ᠴᠠᠯᠢᠩ | ᠥᠭᠬᠦ ᠶᠢ ᠨᠢ ᠤᠷᠢᠳ ᠢᠶᠠᠷ ᠪᠠᠲᠤᠯᠠᠬᠤ ᠪᠠ ᠴᠠᠯᠢᠩ ᠥᠷᠢᠲᠦᠬᠦ ᠶᠢ ᠲᠦᠷᠦᠭᠦᠯᠡᠨ ᠴᠡᠪᠡᠷᠯᠡᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠳ ᠤᠨ ᠴᠠᠯᠢᠩ ᠥᠷᠢᠲᠦᠵᠦ ᠪᠠᠶᠢᠭ᠎ᠠ ᠶᠢ ᠨᠢ ᠬᠠᠤᠯᠢ ᠶᠣᠰᠣᠭᠠᠷ ᠰᠢᠪᠠᠳᠠᠭᠤᠯᠵᠤ | ᠪᠠᠶᠢᠭᠠᠳ ᠴᠠᠭ ᠲᠤᠬᠠᠢ ᠳᠤ ᠨᠢ ᠲᠥᠯᠥᠭᠦᠯᠬᠦ ᠬᠡᠷᠡᠭᠲᠡᠢ ᠭᠡᠪᠡ᠃ | ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠭᠰᠠᠨ ᠪᠠ ᠥᠷᠢᠲᠦᠭᠰᠡᠨ ᠢᠲᠡᠭᠡᠯ ᠠᠯᠳᠠᠭᠰᠠᠳ ᠢ | ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠬᠠᠮᠲᠤᠷᠠᠨ ᠪᠢᠴᠢᠭ ᠮᠠᠲ᠋ᠧᠷᠢᠶᠠᠯ | ᠪᠠᠭᠤᠯᠭᠠᠭᠠᠳ ᠢᠲᠡᠭᠡᠯ ᠠᠯᠳᠠᠭᠰᠠᠳ ᠤᠨ ᠨᠡᠷᠡᠰ ᠤᠨ ᠬᠠᠮᠢᠶᠠᠷᠤᠯᠲᠠ ᠶᠢ ᠵᠢᠷᠤᠮᠵᠢᠭᠤᠯᠤᠨ ᠥᠷᠨᠢᠭᠦᠯᠵᠦ᠂ ᠢᠲᠡᠭᠡᠯ | ᠠᠯᠳᠠᠭᠰᠠᠳ ᠤᠨ ᠨᠡᠷᠡᠰ ᠢ ᠬᠠᠮᠲᠤ ᠪᠠᠷ ᠬᠦᠷᠲᠡᠬᠦ ᠲᠣᠭᠲᠠᠴᠠ ᠶᠢ ᠪᠦᠷᠢᠨᠰᠢᠭᠦᠯᠦᠨ᠂ ᠰᠢᠪᠠᠳᠠᠭᠤᠯᠤᠨ | ᠵᠢᠯᠤᠭᠤᠳᠬᠤ ᠪᠠᠨ ᠦᠨᠡᠨ ᠬᠦ ᠴᠢᠩᠭᠠᠳᠬᠠᠬᠤ ᠶᠢ ᠱᠠᠭᠠᠷᠳᠠᠪᠠ᠃ | ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ 2025 ᠣᠨ ᠤ ᠨᠢᠭᠡᠳᠦᠭᠡᠷ | ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ ᠳᠠᠩᠰᠠ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠭᠦᠢᠴᠡᠳᠬᠡᠬᠦ﹀ 2025 ᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ | ᠳᠠᠩᠰᠠ︾ ᠶᠢ ᠳᠠᠷᠤᠮᠠᠯᠯᠠᠨ ᠶᠠᠪᠤᠭᠤᠯᠪᠠ᠂ ᠲᠡᠷᠡ ᠨᠢ ᠠᠵᠤ ᠠᠬᠤᠶᠢᠯᠠᠯ ᠤᠨ ᠵᠦᠢᠯᠡᠰ ᠪᠠ ᠬᠤᠪᠢ ᠬᠥᠮᠥᠨ ᠤ | ᠵᠦᠢᠯᠡᠰ ᠤᠨ 12 ᠲᠠᠯ᠎ᠠ ᠶᠢ ᠬᠠᠮᠤᠷᠴᠠᠢ᠂ ᠵᠢᠱᠢᠶᠡᠯᠡᠪᠡᠯ ᠰᠢᠨ᠎ᠡ ᠮᠠᠰᠢᠨ ᠲᠡᠷᠭᠡᠨ ᠳᠤ ᠫᠠᠶᠢᠰᠠ ᠡᠯᠭᠦᠬᠦ᠂ ᠬᠤᠪᠢ | ᠬᠥᠮᠥᠨ ᠤ ᠦᠢᠯᠡᠰ ᠴᠣᠭᠴᠠᠯᠠᠬᠤ᠂ ᠤᠷᠤᠭᠯᠠᠵᠤ ᠡᠷᠦᠬᠡ ᠠᠮᠠ ᠶᠢᠨ ᠳᠠᠩᠰᠠ ᠣᠷᠣᠬᠤ᠂ ᠭᠠᠳᠠᠭᠠᠳᠤ ᠶᠢᠨ ᠬᠥᠮᠥᠨ | ᠳᠤᠮᠳᠠᠳᠤ ᠤᠯᠤᠰ ᠲᠤ ᠢᠷᠡᠵᠦ ᠠᠵᠢᠯᠯᠠᠬᠤ᠂ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠪᠠ | ᠭᠠᠷ ᠤᠲᠠᠰᠤ ᠵᠡᠷᠭᠡ ᠶᠢ ᠰᠢᠨ᠎ᠡ ᠪᠠᠷ ᠬᠤᠳᠠᠯᠳᠤᠨ ᠠᠪᠬᠤ ᠳᠤ ᠨᠥᠬᠦᠪᠦᠷᠢ ᠭᠤᠶᠤᠴᠢᠯᠠᠬᠤ ᠵᠡᠷᠭᠡ ︽ᠨᠢᠭᠡ ᠠᠵᠢᠯ | ᠶᠠᠪᠤᠳᠠᠯ︾ ᠪᠣᠢ᠃ | ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ 8 ᠰᠠᠯᠠᠭ᠎ᠠ ᠮᠥᠴᠢᠷ | ︽ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠲᠤᠬᠠᠢ ᠵᠢᠯᠤᠭᠤᠳᠬᠤ | ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠢ ᠵᠢᠯᠣᠭᠤᠳᠤᠨ ᠠᠵᠢᠯ ᠮᠡᠷᠭᠡᠵᠢᠯ ᠤᠨ ᠤᠷ᠎ᠠ | ᠮᠡᠷᠭᠡᠰᠢᠯ ᠤᠨ ᠵᠡᠷᠭᠡ ᠳᠡᠰ ᠢᠶᠠᠷ ᠴᠠᠯᠢᠩ ᠬᠤᠪᠢᠶᠠᠷᠢᠯᠠᠬᠤ ᠶᠢᠨ ᠴᠢᠬᠤᠯᠠ ᠯᠠᠪᠯᠠᠯᠲᠠ ᠪᠣᠯᠭᠠᠵᠤ᠂ ᠴᠠᠯᠢᠩ ᠤᠨ | ᠬᠤᠪᠢᠶᠠᠷᠢᠯᠠᠯᠲᠠ ᠶᠢ ᠵᠠᠩᠭᠢᠯᠠᠭ᠎ᠠ ᠶᠢᠨ ᠠᠵᠢᠯ ᠤᠨ ᠪᠠᠶᠢᠷᠢ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠪᠠ ᠪᠠᠴᠢᠮ | ᠬᠡᠷᠡᠭᠰᠡᠬᠦ ᠳᠤᠲᠠᠭᠳᠠᠵᠤ ᠪᠠᠶᠢᠭ᠎ᠠ ᠤᠷ᠎ᠠ ᠮᠡᠷᠭᠡᠰᠢᠯᠲᠦ ᠴᠢᠳᠠᠪᠤᠷᠢᠲᠠᠨ ᠲᠡᠶᠢᠰᠢ ᠬᠡᠯᠪᠠᠶᠢᠯᠭᠡᠬᠦ ᠶᠢ ᠠᠬᠢᠭᠤᠯᠪᠠ᠃ | ᠨᠠᠰᠤᠵᠢᠯ ᠤᠨ ᠠᠰᠠᠷᠠᠮᠵᠢ᠂ ᠡᠪᠡᠳᠴᠢᠨ ᠦᠵᠡᠭᠦᠯᠬᠦ ᠲᠠᠯ᠎ᠠ ᠪᠠᠷ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠬᠠᠢ ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠢ | ᠰᠠᠨᠠᠯ︾ ᠢ ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠳᠤ ᠴᠢᠳᠠᠪᠤᠷᠢ ᠪᠠᠨ | ᠠᠯᠳᠠᠭᠰᠠᠨ ᠨᠠᠰᠤᠲᠠᠶᠢᠴᠤᠳ ᠢ ᠬᠠᠷᠠᠭᠠᠯᠵᠠᠬᠤ ᠪᠠᠷ ᠭᠤᠣᠯᠳᠠᠯᠭ᠎ᠠ ᠪᠣᠯᠭᠠᠬᠤ ᠶᠢ ᠠᠩᠬ᠎ᠠ ᠤᠳᠠᠭ᠎ᠠ ᠲᠣᠳᠣᠷᠬᠠᠢ | ᠳᠤᠷᠠᠳᠴᠠᠢ᠃ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠬᠡᠨ | ᠨᠥᠬᠦᠪᠦᠷᠢᠯᠡᠬᠦ ᠬᠡᠷᠡᠭᠲᠡᠢ ᠬᠡᠮᠡᠨ ᠱᠠᠭᠠᠷᠳᠠᠵᠤ᠂ ᠭᠠᠵᠠᠷ ᠣᠷᠣᠨ ᠤ ᠪᠠᠶᠢᠳᠠᠯ ᠳᠤ ᠨᠢ ᠳᠣᠬᠢᠷᠠᠭᠤᠯᠵᠤ ᠪᠠᠶᠢᠭᠠᠳ | ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ᠂ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢ ᠵᠣᠷᠢᠭᠵᠢᠭᠤᠯᠵᠤ ᠪᠠᠶᠢᠭᠠᠳ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠵᠣᠬᠢᠶᠠᠨ ᠪᠠᠶᠢᠭᠤᠯᠤᠨ ᠬᠥᠭᠵᠢᠭᠦᠯᠬᠦ ᠵᠡᠷᠭᠡ ᠠᠷᠭ᠎ᠠ ᠪᠠᠷᠢᠯ ᠢ ᠳᠤᠷᠠᠳᠪᠠ᠃ | ᠭᠡᠷ ᠤᠨ ᠡᠭᠦᠳᠡᠨ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠳᠥᠭᠦᠮ ᠪᠣᠯᠪᠠ︕ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠤ ᠪᠠᠶᠢᠷᠢᠯᠠᠭᠤᠯᠤᠯᠲᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠢᠶᠠᠷ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ ᠣᠳᠣᠬᠠᠨ ᠪᠠ ᠠᠯᠤᠰ ᠬᠡᠳᠦ ᠶᠢ ᠨᠢᠭᠡᠳᠦᠯᠲᠡᠢ ᠲᠥᠯᠥᠪᠯᠡᠵᠦ᠂ | ᠬᠤᠳᠠ ᠬᠥᠳᠡᠭᠡ ᠶᠢ ᠠᠭᠤᠰᠤᠯᠴᠠᠭᠤᠯᠤᠨ ᠭᠥᠭᠵᠢᠭᠦᠯᠬᠦ᠂ ᠬᠥᠮᠥᠨ ᠠᠮᠠ ᠶᠢᠨ ᠪᠦᠲᠦᠴᠡ ᠶᠢᠨ ᠬᠤᠪᠢᠷᠠᠯᠲᠠ᠂ | ᠤᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠤᠳ ᠢ ᠶᠡᠷᠦᠩᠬᠡᠶᠢᠯᠡᠨ | ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠤ ᠨᠢ ᠳᠣᠬᠢᠷᠠᠭᠤᠯᠵᠤ ᠪᠠᠶᠢᠭᠠᠳ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠶᠢᠷ᠎ᠠ ᠬᠠᠪᠢ ᠳᠤ ᠪᠠᠨ ᠡᠪᠡᠳᠴᠢᠨ | ᠦᠵᠡᠭᠦᠯᠬᠦ ᠳᠤ ᠨᠢ ᠨᠡᠩ ᠢᠯᠡᠭᠦᠦ ᠳᠦᠬᠦᠮᠯᠡᠬᠦ ᠬᠡᠷᠡᠭᠲᠡᠢ᠃ ᠦᠨᠳᠦᠰᠦᠨ ᠱᠠᠲᠤᠨ ᠤ ᠦᠨᠳᠦᠰᠦᠨ ᠡᠮᠴᠢᠯᠡᠭᠡᠨ ᠤ | ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠡᠮᠴᠢᠯᠡᠭᠡᠨ ᠤ ᠰᠠᠯᠠᠭ᠎ᠠ ᠲᠠᠰᠤᠭ ᠤᠨ | ᠲᠣᠬᠢᠷᠠᠭᠤᠯᠤᠯᠲᠠ ᠪᠠ ᠡᠮᠴᠢᠯᠡᠭᠡᠨ ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠪᠦᠷᠢᠨᠰᠢᠭᠦᠯᠵᠦ᠂ ᠦᠨᠳᠦᠰᠦᠨ | ᠱᠠᠲᠤᠨ ᠤ ᠬᠡᠷᠡᠭᠯᠡᠬᠦ ᠡᠮ ᠤᠨ ᠵᠦᠢᠯ ᠢ ᠥᠷᠭᠡᠳᠬᠡᠨ᠂ ᠡᠮᠨᠡᠯᠭᠡ ᠶᠢᠨ ᠠᠵᠢᠯᠲᠠᠳ ᠤᠨ ᠪᠣᠯᠪᠠᠰᠤᠷᠠᠯ ᠢ ᠴᠢᠩᠭᠠᠳᠬᠠᠵᠤ | ᠂ ᠤᠵᠢᠭ ᠡᠪᠡᠳᠴᠢᠨ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ | ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠦᠨ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠡᠮ ᠤᠨ ᠵᠦᠢᠯ ᠡᠮᠴᠢᠯᠡᠭᠡᠨ ᠤ ᠪᠠᠭᠠᠵᠢ | ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠡᠮ | ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ | ᠲᠠᠷᠬᠠᠭᠠᠵᠤ᠂ 5 ᠲᠠᠯ᠎ᠠ ᠶᠢᠨ 24 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠡᠭᠦᠨ ᠳᠤ᠂ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠡᠬᠢ ᠪᠠᠶᠠᠯᠢᠭ ᠢ ᠡᠮᠴᠢᠯᠡᠭᠡᠨ ᠳᠤ ᠪᠠᠴᠢᠮ ᠬᠡᠷᠡᠭᠰᠡᠬᠦ | ᠭᠤᠤᠯᠳᠠᠯᠭ᠎ᠠ ᠪᠣᠯᠬᠤ ᠰᠢᠨ᠎ᠡ ᠡᠭᠦᠳᠦᠯᠲᠡ ᠶᠢᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠲᠡᠶᠢᠰᠢ ᠨᠡᠩ ᠢᠯᠡᠭᠦᠦ | ᠬᠡᠯᠪᠠᠶᠢᠯᠭᠡᠵᠦ᠂ ᠬᠢᠲᠠᠳ ᠡᠮ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠬᠤᠪᠣᠷᠬᠠᠨ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠵᠦᠢᠯ᠂ | ᠬᠡᠦᠬᠡᠳ ᠲᠤ ᠬᠡᠷᠡᠭᠯᠡᠬᠦ ᠡᠮ ᠤᠨ ᠵᠦᠢᠯ᠂ ᠬᠢᠮᠢ ᠶᠢᠨ ᠠᠩᠬᠠᠳᠠᠭᠴᠢ ᠳᠠᠭᠤᠷᠢᠶᠠᠮᠠᠯ ᠡᠮ ᠵᠢᠴᠢ ᠲᠤᠰᠠᠭᠠᠷ | ᠨᠠᠶᠢᠷᠠᠭᠰᠠᠨ ᠬᠢᠲᠠᠳ ᠡᠮ ᠤᠨ ᠲᠥᠷᠥᠯ ᠳᠤ ᠵᠣᠬᠢᠬᠤ ᠬᠡᠪᠴᠢᠶᠡᠨ ᠳᠤ ᠵᠠᠬ᠎ᠠ ᠳᠡᠯᠭᠡᠭᠦᠷ ᠢ ᠭᠠᠭᠴᠠᠭᠠᠷ ᠡᠵᠡᠯᠡᠬᠦ | ᠬᠤᠭᠤᠴᠠᠭ᠎ᠠ ᠣᠯᠭᠤᠨ᠎ᠠ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠤᠷᠢᠳᠴᠢᠯᠠᠨ ᠲᠤᠰᠢᠶᠠᠬᠤ ᠮᠦᠩᠭᠦ ᠶᠢ ᠴᠤᠴᠠᠯᠬᠤ | ᠪᠠ ᠵᠢᠷᠤᠮᠵᠢᠭᠤᠯᠵᠤ᠂ 3 ᠳ᠋ᠤᠭᠠᠷ ᠰᠠᠷ᠎ᠠ ᠠᠴᠠ ᠡᠬᠢᠯᠡᠨ ᠬᠡᠷᠡᠭᠵᠢᠭᠦᠯᠦᠨ᠎ᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠤᠳᠤᠯᠤᠨ ᠲᠣᠭᠲᠠᠭᠠᠭᠰᠠᠨ ᠢᠶᠠᠷ᠂ 2025 | ᠣᠨ ᠤ 3 ᠳ᠋ᠤᠭᠠᠷ ᠰᠠᠷ᠎ᠠ ᠠᠴᠠ ᠡᠬᠢᠯᠡᠨ᠂ ᠪᠥᠬᠦ ᠤᠯᠤᠰ ᠲᠠᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠴᠤᠴᠠᠯᠵᠤ᠂ ᠡᠮᠨᠡᠯᠭᠡ ᠳᠤ | ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢ ᠠᠳᠠᠯᠢ ᠡᠪᠡᠳᠴᠢᠨ ᠤ ᠲᠥᠷᠥᠯ ᠤᠨ ᠡᠮᠴᠢᠯᠡᠭᠡᠨ ᠤ | ᠳᠠᠭᠠᠳᠬᠠᠯ ᠤᠨ ᠡᠪᠡᠳᠴᠢᠲᠡᠨ ᠤ ᠬᠤᠪᠢ ᠬᠥᠮᠦᠨ ᠤ ᠥᠪᠡᠰᠦᠪᠡᠨ ᠲᠣᠭᠠᠴᠠᠭ᠎ᠠ ᠬᠢᠬᠦ ᠳᠤᠮᠳᠠᠴᠢ ᠬᠢᠷᠢ | ᠲᠦᠪᠰᠢᠨ ᠳᠤ ᠬᠦᠷᠲᠡᠯ᠎ᠡ ᠪᠠᠭᠤᠷᠠᠭᠤᠯᠤᠨ᠎ᠠ᠃ | 2026 ᠣᠨ ᠤ ᠵᠢᠯ ᠤᠨ ᠰᠡᠭᠦᠯᠴᠢ ᠠᠴᠠ ᠡᠮᠦᠨ᠎ᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢ ᠴᠠᠭ ᠲᠤᠬᠠᠢ ᠳᠤ ᠨᠢ ᠳ᠋ᠦᠩᠨᠡᠨ ᠪᠤᠳᠤᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠦᠨᠳᠦᠰᠦᠨ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢ ᠴᠠᠭ ᠲᠤᠬᠠᠶ ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ ᠶᠢ ᠠᠬᠢᠭᠤᠯᠬᠤ ᠲᠤᠬᠠᠶ ᠮᠡᠳᠡᠭᠳᠡᠯ︾ | ᠢ ᠳᠠᠷᠤᠮᠠᠯᠯᠠᠨ ᠲᠠᠷᠬᠠᠭᠠᠵᠤ᠂ 2025 ᠣᠨ ᠳᠤ ᠪᠥᠬᠦ ᠤᠯᠤᠰ ᠲᠠᠬᠢ ᠨᠢᠭᠡᠳᠦᠯᠲᠡᠶ ᠲᠥᠯᠥᠪᠯᠡᠭᠡ ᠶᠢᠨ 80% | ᠣᠷᠴᠢᠮ ᠤᠨ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ | ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠶ ᠳᠤ ᠨᠢ ᠳ᠋ᠦᠩᠨᠡᠨ ᠪᠤᠳᠤᠬᠤ ᠶᠢ | ᠦᠨᠳᠦᠰᠦᠨ ᠳᠤ ᠪᠠᠨ ᠪᠡᠶᠡᠯᠡᠭᠦᠯᠵᠦ᠂ 2026 ᠣᠨ ᠳᠤ ᠪᠥᠬᠦ ᠤᠯᠤᠰ ᠲᠠᠬᠢ ᠨᠢᠭᠡᠳᠦᠯᠲᠡᠶ ᠲᠥᠯᠥᠪᠯᠡᠭᠡ ᠶᠢᠨ ᠪᠣᠶ | ᠪᠥᠬᠦᠶ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ | ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠶ ᠳᠤ ᠨᠢ ᠳ᠋ᠦᠩᠨᠡᠨ ᠪᠤᠳᠤᠬᠤ ᠶᠢ | ᠪᠡᠶᠡᠯᠡᠭᠦᠯᠦᠨ᠎ᠡ᠃ | ᠦᠨᠳᠦᠰᠦᠨ ᠡᠮᠴᠢᠯᠡᠭᠡᠨ ᠤ ᠳᠠᠭᠠᠳᠬᠠᠯ ᠨᠢ ᠪᠠᠶᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ ᠲᠤ ᠪᠠᠨ | ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠲᠠᠩᠰᠠ ᠶᠢᠨ ᠬᠢᠵᠠᠭᠠᠷᠯᠠᠯ ᠢ ᠴᠢᠯᠥᠭᠡᠲᠡᠶ ᠪᠣᠯᠭᠠᠨ᠎ᠠ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠬᠥᠳᠡᠯᠮᠦᠷᠢᠴᠢᠳ ᠤᠨ ᠡᠮᠴᠢᠯᠡᠭᠡᠨ ᠤ | ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ | ᠢ ᠳᠠᠷᠤᠮᠠᠯᠯᠠᠨ ᠲᠠᠷᠬᠠᠭᠠᠵᠤ᠂ ᠬᠥᠳᠡᠯᠮᠦᠷᠢᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ | ᠠᠵᠢᠯ ᠢ ᠶᠡᠭᠡ ᠪᠠᠷ ᠰᠠᠶᠢᠲᠤᠷ ᠬᠢᠬᠦ ᠶᠢ ᠲᠣᠳᠣᠷᠬᠠᠶ ᠲᠣᠭᠲᠠᠭᠠᠵᠤ᠂ ᠣᠷᠣᠯᠴᠠᠬᠤ ᠶᠣᠰᠣᠲᠠᠶ ᠶᠢ ᠨᠢ ᠴᠥᠮ | ᠣᠷᠣᠯᠴᠠᠭᠤᠯᠬᠤ ᠶᠢ ᠦᠨᠡᠨ ᠬᠦ ᠪᠠᠲᠤᠯᠠᠨ᠎ᠠ᠃ ᠬᠡᠲᠦ ᠲᠣᠮᠣ ᠬᠤᠲᠠ᠂ ᠣᠨᠴᠠ ᠶᠡᠭᠡ ᠬᠤᠲᠠ ᠳᠤ ᠠᠮᠢᠳᠤᠯᠢᠭ ᠢᠶᠠᠷ | ᠠᠵᠢᠯ ᠣᠯᠤᠭᠰᠠᠳ ᠠᠵᠢᠯ ᠣᠯᠤᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ | ᠳᠠᠩᠰᠠ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠬᠤ ᠶᠢ ᠠᠬᠢᠭᠤᠯᠤᠨ᠎ᠠ᠃ | ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ | ︽ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠠᠯᠪᠠᠨ ᠲᠢᠩᠬᠢᠮ ᠤᠳ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠳᠤ ᠣᠷᠣᠯᠴᠠᠬᠤ ᠳᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠬᠦ ᠶᠢ ᠲᠦᠷᠭᠡᠳᠬᠡᠨ ᠠᠬᠢᠭᠤᠯᠵᠤ᠂ ᠶᠡᠭᠡ | ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠳᠠᠭᠠᠳᠬᠠᠯ ᠳᠤ ᠣᠷᠣᠯᠴᠠᠬᠤ ᠳᠤ ᠲᠥᠬᠦᠮ ᠨᠥᠬᠦᠴᠡᠯ | ᠡᠭᠦᠳᠴᠦ᠂ ᠰᠤᠷᠤᠭᠴᠢᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠳᠥᠭᠦᠮ ᠳᠥᠲᠡ | ᠦᠢᠯᠡᠴᠢᠯᠡᠭᠡ ᠬᠠᠩᠭᠠᠨ᠎ᠠ᠃ | ᠦᠷᠡᠵᠢᠯ ᠳᠤ ᠨᠦᠬᠦᠷᠰᠡᠭ ᠡᠮᠨᠡᠯᠭᠡ ᠶᠢᠨ ᠬᠤᠷᠢᠶ᠎ᠠ᠂ ᠬᠡᠦᠬᠡᠳ ᠲᠤ ᠨᠦᠬᠦᠷᠰᠡᠭ ᠡᠮᠨᠡᠯᠭᠡ ᠶᠢᠨ ᠬᠤᠷᠢᠶᠠᠨ ᠤ | ᠪᠠᠶᠢᠭᠤᠯᠤᠯᠲᠠ ᠶᠢ ᠠᠬᠢᠭᠤᠯᠤᠨ᠎ᠠ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 4 ᠰᠠᠯᠠᠭ᠎ᠠ ᠮᠥᠴᠢᠷ ︽ᠦᠷᠡᠵᠢᠯ ᠳᠤ | ᠨᠥᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ | ᠲᠠᠷᠬᠠᠭᠠᠵᠤ᠂ 2030 ᠣᠨ ᠪᠣᠯᠬᠤ ᠳᠤ᠂ ᠦᠷᠡᠵᠢᠯ ᠳᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ ᠬᠥᠩᠭᠡᠵᠢᠯ ᠤᠨ | ᠡᠮᠴᠢᠯᠡᠭᠡᠨ ᠤ ᠪᠠᠶᠢᠭᠤᠯᠤᠮᠵᠢ ᠳᠠᠬᠢ ᠬᠠᠷᠢᠴᠠᠯ ᠢ 90% ᠳᠤ ᠬᠦᠷᠭᠡᠬᠦ ᠪᠠᠷ ᠴᠢᠷᠮᠠᠶᠢᠨ᠎ᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 6 ᠰᠠᠯᠠᠭ᠎ᠠ ᠮᠥᠴᠢᠷ ︽ᠬᠡᠤᠬᠡᠳ ᠲᠤ | ᠨᠥᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠥᠷᠨᠢᠭᠦᠯᠬᠦ ᠲᠤᠬᠠᠶ ᠰᠠᠨᠠᠯ︾ ᠢ ᠳᠠᠷᠤᠮᠠᠯᠯᠠᠨ | ᠲᠠᠷᠬᠠᠭᠠᠵᠤ᠂ 2030 ᠣᠨ ᠪᠣᠯᠬᠤ ᠳᠤ᠂ ᠬᠡᠤᠬᠡᠳ ᠲᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ ᠬᠡᠤᠬᠡᠳ ᠤᠨ | ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠬᠠᠩᠭᠠᠳᠠᠭ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ | ᠬᠡᠤᠬᠡᠳ ᠤᠨ ᠡᠮᠨᠡᠯᠭᠡ ᠶᠢᠨ ᠬᠤᠷᠢᠶ᠎ᠠ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ | ᠬᠤᠷᠢᠶᠠᠨ ᠳᠠᠬᠢ ᠡᠵᠡᠯᠡᠬᠦ ᠬᠠᠷᠢᠴᠠᠯ ᠢ 90% ᠠᠴᠠ ᠳᠡᠭᠡᠭᠰᠢ ᠳᠤ ᠬᠦᠷᠭᠡᠬᠦ ᠪᠣᠯᠤᠮᠵᠢ ᠲᠠᠢ᠃ |