ᠲᠠᠯ᠎ᠠ ᠨᠤᠲᠤᠭ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠯ᠎ᠠ ᠨᠤᠳᠤᠭ ᠤᠨ ᠠᠮᠢ | ᠠᠬᠤᠶ ᠶᠢᠨ ᠰᠢᠰᠲ᠋ᠧᠮ ᠤᠨ ᠲᠤᠭᠳᠠᠪᠤᠷᠢᠳᠤ ᠴᠢᠨᠠᠷ ᠪᠠ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠮᠠᠯ ᠪᠡᠯᠴᠢᠭᠡᠷ | ᠤᠨ ᠲᠡᠩᠴᠡᠭᠦᠷᠢ ᠶᠢ ᠬᠠᠤᠯᠢ ᠶᠣᠰᠣᠭᠠᠷ ᠬᠠᠮᠠᠭᠠᠯᠠᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ | ᠮᠠᠯᠵᠢᠬᠤ ᠠᠰᠠᠭᠤᠳᠠᠯ ᠢ ᠬᠤᠷᠢᠭᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠣᠶ ᠰᠢᠭᠤᠶ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ | ᠲᠠᠭᠠᠭᠠᠴᠠ ᠠᠴᠠ ᠭᠡᠳᠦᠷᠡᠬᠦᠯᠦᠨ ᠮᠠᠯᠵᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠲᠤᠬᠠᠢ ᠬᠡᠷᠡᠭᠵᠢᠭᠦᠯᠬᠦ | ᠲᠦᠰᠦᠪ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠳᠠᠨ ᠤ ᠬᠢᠵᠢᠭ ᠬᠡᠮ ᠢ ᠰᠡᠷᠭᠡᠶᠢᠯᠡᠬᠦ | ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ | ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ︾ ᠵᠡᠷᠭᠡ ᠬᠠᠤᠯᠢ ᠲᠦᠷᠢᠮ ᠢ | ᠦᠨᠳᠦᠰᠦᠯᠡᠵᠦ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠨ ᠮᠡᠳᠡᠭᠳᠡᠶ᠎ᠡ᠄ | ᠨᠢᠭᠡ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠦᠬᠡ ︵ᠮᠠᠯᠵᠢᠬᠤ ᠡᠷᠦᠬᠡ︶ ᠨᠢ ᠶᠠᠮᠠᠷᠪᠠ | ᠰᠢᠯᠲᠠᠭᠠᠨ ᠪᠤᠶᠤ ᠶᠠᠮᠠᠷᠪᠠ ᠬᠡᠯᠪᠡᠷᠢ ᠪᠠᠷ ᠬᠦᠨᠪᠤᠯᠠᠭ ᠰᠤᠮᠤᠨ ᠤ ᠨᠤᠳᠤᠭ ᠪᠡᠯᠴᠢᠭᠡᠷ ᠲᠡᠭᠡᠷ᠎ᠡ ᠭᠠᠳᠠᠨ᠎ᠠ ᠣᠷᠣᠨ ᠤ | ᠮᠠᠯ ᠤᠨᠤᠭ᠎ᠠ ᠶᠢ ᠤᠷᠤᠭᠤᠯᠤᠨ ᠮᠠᠯᠵᠢᠵᠤ ᠪᠤᠯᠬᠤ ᠦᠬᠡᠢ ︵ᠡᠬᠦᠨ ᠳᠤ ᠲᠠᠶᠢᠹᠤᠰᠧ ᠬᠤᠰᠢᠭᠤᠨ ᠤ ᠲᠠᠷᠢᠶᠠᠯᠠᠬᠤ | ᠤᠷᠤᠨ ᠤ ᠮᠠᠯ ᠴᠤ ᠪᠠᠭᠳᠠᠨ᠎ᠠ︶᠃ | ᠬᠤᠶᠠᠷ᠂ ᠭᠠᠳᠠᠨ᠎ᠠ ᠶᠢᠨ ᠮᠠᠯ ᠤᠷᠤᠭᠤᠯᠵᠤ ᠮᠠᠯᠵᠢᠭᠰᠠᠨ ᠢ ᠪᠠᠶᠢᠴᠠᠭᠠᠨ ᠳᠣᠲᠣᠯᠠᠭᠰᠠᠨ ᠤ ᠳᠠᠷᠠᠭ᠎ᠠ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠬᠦ ᠬᠠᠤᠯᠢ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠲᠦᠷᠢᠮ ᠢ | ᠦᠨᠳᠦᠰᠦᠯᠡᠨ ᠴᠢᠩᠭ᠎ᠠ ᠰᠢᠳᠬᠡᠬᠦ ᠶᠢᠨ ᠬᠠᠮᠲᠤ ᠲᠤᠬᠠᠶ ᠶᠢᠨ ᠵᠢᠯ ᠤᠨ ᠡᠯ᠎ᠡ ᠲᠦᠷᠦᠯ ᠤᠨ ᠨᠥᠬᠦᠪᠥᠷᠢ ᠱᠠᠩᠨᠠᠯ ᠤᠨ | ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠠᠰᠢᠭ ᠬᠦᠷᠲᠡᠭᠡᠬᠦ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢ | ᠬᠦᠴᠦᠨ ᠥᠬᠡᠶ ᠪᠣᠯᠭᠠᠨ᠎ᠠ᠃ | ᠭᠤᠷᠪᠠ᠂ ᠭᠠᠳᠠᠨ᠎ᠠ ᠶᠢᠨ ᠮᠠᠯ ᠢ ᠤᠷᠤᠭᠤᠯᠵᠤ ᠠᠪᠴᠢᠷᠠᠭᠰᠠᠨ ᠪᠤᠯ ᠲᠤᠰ ᠠᠯᠪᠠᠨ ᠵᠠᠷᠯᠠᠯ ᠢ ᠨᠡᠶᠢᠲᠡᠯᠡᠭᠰᠡᠨ | ᠡᠳᠦᠷ ᠠᠴᠠ ᠡᠬᠢᠯᠡᠭᠡᠳ 5 ᠡᠳᠦᠷ ᠤᠨ ᠲᠤᠳᠤᠷ᠎ᠠ ᠡᠷᠭᠡᠪᠰᠢ ᠪᠤᠴᠠᠭᠠᠵᠤ ᠶᠠᠪᠤᠭᠤᠯᠬᠤ ᠬᠡᠷᠡᠭᠲᠡᠶ᠃ ᠠᠯᠪᠠᠨ | ᠵᠠᠷᠯᠠᠯ ᠤᠨ ᠲᠣᠭᠲᠠᠭᠠᠯ ᠢ ᠬᠡᠷᠡᠭᠵᠢᠭᠦᠯᠬᠦ ᠦᠬᠡᠢ ᠪᠤᠯ ᠬᠠᠮᠢᠶ᠎ᠠ ᠪᠥᠬᠦᠶ ᠬᠠᠤᠯᠢ ᠲᠦᠷᠢᠮ ᠤᠨ ᠲᠠᠭᠠᠤ ᠴᠢᠩᠭ᠎ᠠ | ᠰᠢᠢᠳᠪᠦᠷᠢᠯᠡᠬᠦ ᠶᠢᠨ ᠬᠠᠮᠲᠤ᠂ ᠲᠤᠬᠠᠶ ᠶᠢᠨ ᠵᠢᠯ ᠤᠨ ᠡᠯ᠎ᠡ ᠲᠦᠷᠦᠯ ᠤᠨ ᠨᠥᠬᠦᠪᠥᠷᠢ ᠱᠠᠩᠨᠠᠯ ᠤᠨ ᠲᠥᠷᠥ ᠶᠢᠨ | ᠪᠣᠳᠣᠯᠭ᠎ᠠ ᠪᠠ ᠬᠠᠮᠢᠶ᠎ᠠ ᠪᠥᠬᠦᠶ ᠠᠰᠢᠭ ᠬᠦᠷᠲᠡᠭᠡᠬᠦ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢ ᠬᠦᠴᠦᠨ | ᠥᠬᠡᠶ ᠪᠣᠯᠭᠠᠨ᠎ᠠ᠃ | ᠳᠥᠷᠪᠡ᠂ ᠡᠯ᠎ᠡ ᠭᠠᠴᠠᠭᠠᠨ ᠤ ︽ᠬᠤᠶᠠᠷ ᠵᠥᠪᠯᠡᠯ︾ ᠨᠢ ᠭᠠᠳᠠᠨ᠎ᠠ ᠶᠢᠨ ᠮᠠᠯ ᠢ ᠴᠢᠩᠭ᠎ᠠ ᠴᠠᠭᠠᠵᠠᠯᠠᠬᠤ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯᠴᠢᠳ ᠤᠨ ᠥᠪᠡᠷ ᠢ ᠪᠠᠨ ᠬᠠᠮᠢᠶᠠᠷᠬᠤ ᠤᠬᠠᠮᠰᠠᠷ ᠢ | ᠲᠡᠭᠡᠭᠰᠢᠯᠡᠬᠦᠯᠦᠨ᠂ ᠲᠠᠯ᠎ᠠ ᠨᠤᠳᠤᠭ ᠢᠶᠠᠨ ᠬᠠᠮᠠᠭᠠᠯᠠᠵᠤ ᠠᠮᠢ ᠠᠬᠤᠶ ᠪᠠᠨ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠶᠢ | ᠬᠦᠢᠴᠡᠳᠭᠡᠯᠭᠡᠬᠦ ᠬᠡᠷᠡᠭᠲᠡᠶ᠃ | ᠲᠠᠪᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠲᠠᠶᠢᠴᠢᠯᠠᠠ ᠬᠢᠨᠠᠯᠳᠠ ᠲᠠᠯᠪᠢᠬᠤ ᠠᠵᠢᠯ ᠳᠤ ᠢᠳᠡᠪᠬᠢᠳᠡᠢ | ᠤᠷᠤᠯᠴᠠᠭᠤᠯᠵᠤ᠂ ᠵᠠᠰᠠᠭ ᠵᠠᠬᠢᠷᠭᠠᠨ ᠤ ᠬᠢᠨᠠᠯᠲᠠ ᠂ ᠨᠡᠶᠢᠭᠡᠮ ᠨᠡᠶᠢᠳᠡ ᠶᠢᠨ ᠬᠢᠨᠠᠯᠲᠠ᠂ ᠣᠯᠠᠨ ᠲᠦᠮᠡᠨ ᠤ ᠬᠢᠨᠠᠯᠲᠠ | ᠶᠢ ᠴᠢᠩᠭᠠᠳᠬᠠᠬᠤ ᠭᠡᠷᠡᠭᠳᠡᠢ᠃ ᠭᠠᠳᠠᠨ᠎ᠠ ᠶᠢᠨ ᠮᠠᠯ ᠢ ᠤᠷᠤᠭᠤᠯᠤᠨ ᠮᠠᠯᠵᠢᠵᠤ ᠪᠠᠶᠢᠭ᠎ᠠ ᠬᠠᠤᠯᠢ ᠲᠦᠷᠢᠮ ᠠᠴᠠ | ᠵᠥᠷᠢᠴᠡᠭᠰᠡᠨ ᠭᠡᠷᠡᠭ ᠢ ᠢᠳᠡᠪᠬᠢᠳᠡᠢ ᠪᠠᠷ ᠢᠯᠡᠴᠢᠯᠡᠨ ᠮᠡᠳᠡᠬᠦᠯᠬᠦ ᠶᠢ ᠵᠤᠷᠢᠬᠵᠢᠭᠤᠯᠵᠤ᠂ ᠬᠠᠩᠭᠠᠭᠰᠠᠨ ᠰᠦᠪᠡᠭᠴᠢ | ᠨᠢ ᠦᠨᠡᠨ ᠪᠣᠳᠠᠲᠠᠶ ᠪᠤᠯ ᠬᠠᠮᠤᠭ ᠠᠩᠬᠠᠨ ᠤ ᠰᠦᠪᠡᠭᠴᠢ ᠬᠠᠩᠭᠠᠭᠰᠠᠨ ᠬᠦᠮᠦᠨ ᠢ ᠱᠠᠩᠨᠠᠨ ᠬᠥᠬᠢᠭᠦᠯᠦᠨ᠎ᠡ᠃ | ᠢᠯᠡᠴᠢᠯᠡᠨ ᠮᠡᠳᠡᠭᠦᠯᠬᠦ ᠤᠲᠠᠰᠤ ᠶᠢ ᠡᠳᠦᠷ ᠰᠦᠨᠢ ᠦᠬᠡᠢ ᠨᠡᠪᠳᠡᠷᠡᠬᠦᠯᠦᠨ᠎ᠡ᠃ | ᠲᠠᠶᠢᠹᠤᠰᠧ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ 0479-5222413 | ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠄ | 0479-5222040 | ᠬᠦᠨᠪᠤᠯᠠᠭ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠠᠩᠬᠢ᠄ 0479 - | 5887015 | ᠪᠤᠤᠴᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ 0479 - | 5222227 | ᠴᠢᠶᠠᠨ ᠶᠢᠨ ᠭᠸᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0479-2265514 | ᠯᠦᠸᠧ ᠲᠦᠸᠧ ᠱᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0479-5855017 | ᠬᠤᠩ ᠴᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0479-5823046 | ᠶᠦᠩ ᠹᠧᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0479-2265017 | ᠰᠢᠩ ᠹᠦ᠋ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0479-5899968 | | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2025 ᠤᠨ ᠤ 3 ᠰᠠᠷ᠎ᠠ ᠶᠢᠨ 9 ᠤ ᠡᠳᠦᠷ |