2025 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/10
  2025 ᠣᠨ ᠤ 3 ᠰᠠᠷ᠎ᠠ ᠶᠢᠨ 15᠎ ᠤ ᠡᠳᠦᠷ ᠠᠴᠠ 6 ᠰᠠᠷ᠎ᠠ ᠶᠢᠨ 15᠎ ᠤ ᠡᠳᠦᠷ ᠪᠤᠯ ᠮᠠᠨ ᠤ ᠬᠤᠰᠢᠭᠤᠨ ᠎ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠪᠤᠯᠤᠨ᠎ᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠥᠯᠥᠭᠡ᠂  ᠡᠳᠦᠭᠡ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠣᠨᠴᠠᠭᠠᠶᠢᠯᠠᠨ ᠮᠡᠳᠡᠭᠳᠡᠪᠡ᠄    ᠨᠢᠭᠡ᠂ ᠭᠠᠯ ᠰᠡᠷᠭᠡᠶᠢᠯᠡᠬᠦ ᠬᠦᠷᠢᠶ᠎ᠡ ᠬᠡᠪᠴᠢᠶ᠎ᠡ᠄ ᠡᠯ᠎ᠡ ᠰᠤᠮᠤ ᠰᠢᠶᠠᠩ ᠪᠠᠯᠭᠠᠰᠤᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠣᠷᠣᠨ᠂ ᠠᠮᠢ ᠠᠬᠤᠶ ᠶᠢᠨ ᠵᠠᠰᠠᠯᠲᠠ ᠶᠢᠨ ᠲᠥᠷᠥᠯ ᠵᠦᠢᠯ ᠤᠨ ᠣᠷᠣᠨ᠂ ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ᠂ ᠪᠡᠯᠴᠢᠭᠡᠷ  ᠬᠠᠳᠤᠯᠠᠩ ᠵᠢᠴᠢ ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠬᠤ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ  ᠃     ᠬᠤᠶᠠᠷ᠂ ᠭᠠᠯ ᠰᠡᠷᠭᠡᠶᠢᠯᠡᠬᠦ ᠱᠠᠭᠠᠷᠳᠠᠯᠭ᠎ᠠ᠄ ᠭᠠᠯ ᠰᠡᠷᠭᠡᠶᠢᠯᠡᠬᠦ ᠬᠤᠭᠤᠴᠠᠭᠠᠨ ᠳᠤ᠂ ᠶᠠᠮᠠᠷᠪᠠ  ᠬᠥᠮᠦᠨ ᠭᠠᠯ ᠤᠨ ᠵᠦᠢᠯ ᠭᠠᠯ ᠤᠨ ᠡᠬᠢ ᠠᠪᠴᠤ ᠤᠢ ᠰᠢᠭᠤᠢ ᠨᠤᠲᠤᠭ ᠪᠡᠯᠴᠢᠭᠡᠷ ᠲᠤ ᠣᠷᠣᠬᠤ ᠶᠢ ᠴᠢᠩᠭ᠎ᠠ ᠴᠠᠭᠠᠵᠠᠯᠠᠨ᠎ᠠ︔ ᠬᠡᠭᠡᠷ᠎ᠡ ᠭᠠᠳᠠᠨ᠎ᠠ ᠲᠠᠮᠠᠬᠢ ᠲᠠᠲᠠᠬᠤ᠂  ᠳ᠋ᠧᠩ ᠵᠤᠯᠠ  ᠠᠰᠠᠭᠠᠬᠤ᠂ ᠭᠠᠯ ᠤᠨ ᠵᠦᠢᠯ ᠬᠠᠶᠠᠬᠤ᠂ ᠴᠠᠭᠠᠰᠤ ᠰᠢᠳᠠᠭᠠᠵᠤ ᠲᠠᠬᠢᠯᠭ᠎ᠠ ᠬᠢᠬᠦ ᠶᠢ ᠴᠢᠩᠭ᠎ᠠ ᠴᠠᠭᠠᠵᠠᠯᠠᠨ᠎ᠠ︔  ᠡᠪᠡᠰᠦ ᠮᠤᠳᠤ  ᠂ ᠡᠰᠢ ᠰᠦᠷᠡᠯ᠂ ᠬᠤᠭ ᠨᠣᠪᠰᠢ ᠰᠢᠲᠠᠭᠠᠬᠤ ᠪᠠ ᠬᠡᠭᠡᠷ᠎ᠡ  ᠭᠠᠳᠠᠨ᠎ᠠ ᠲᠤᠭᠤᠭᠠᠯᠠᠬᠤ ᠵᠡᠷᠭᠡ ᠭᠠᠯ ᠤᠨ ᠠᠶᠤᠯ ᠭᠠᠷᠭᠠᠵᠤ ᠮᠡᠳᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃  ᠭᠠᠯ ᠤᠨ ᠠᠶᠤᠯ ᠡᠬᠦᠰᠭᠡᠬᠦ ᠪᠤᠯᠤᠮᠵᠢ ᠲᠠᠢ ᠠᠮᠢᠳᠤᠷᠠᠯ ᠳᠤ ᠬᠡᠷᠡᠭᠯᠡᠬᠦ ᠭᠠᠯ ᠢ ᠴᠤ ᠴᠢᠩᠭ᠎ᠠ ᠬᠠᠮᠢᠶᠠᠷᠬᠤ ᠬᠡᠷᠡᠭᠲᠡᠶ᠃ ᠬᠡᠭᠡᠷ᠎ᠡ ᠭᠠᠳᠠᠨ᠎ᠠ ᠠᠵᠢᠯᠯᠠᠬᠤ ᠨᠢᠭᠡᠴᠡ ᠨᠢ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠯ ᠤᠨ ᠠᠶᠤᠯ ᠤᠨ ᠳᠠᠯᠳᠠ ᠭᠡᠮ ᠢ ᠠᠷᠢᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠰᠠᠶᠢᠨ ᠬᠢᠬᠦ ᠬᠡᠷᠡᠭᠲᠡᠶ᠃      ᠭᠤᠷᠪᠠ᠂ ᠡᠯ᠎ᠡ ᠰᠤᠮᠤ ᠰᠢᠶᠠᠩ ᠪᠠᠯᠭᠠᠰᠤ ᠨᠢ ᠬᠠᠷᠢᠶ᠎ᠠ ᠣᠷᠣᠨ ᠤ ᠪᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃    ︵ᠨᠢᠭᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠴᠢᠩᠭ᠎ᠠ ᠪᠣᠳᠠᠲᠠᠶ ᠠᠳᠬᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠭᠠᠴᠠᠭ᠎ᠠ ᠲᠣᠰᠬᠤᠨ ᠳᠤ ᠣᠷᠣᠭᠤᠯᠬᠤ᠂  ᠠᠶᠢᠯ ᠡᠷᠦᠬᠡ ᠳᠤ ᠣᠷᠣᠭᠤᠯᠬᠤ᠂ ᠦᠵᠡᠮᠵᠢ ᠶᠢᠨ ᠣᠷᠣᠨ ᠳᠤ ᠣᠷᠣᠭᠤᠯᠬᠤ ᠵᠡᠷᠭᠡ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠴᠢᠬᠤᠯᠠ ᠠᠴᠢ ᠬᠤᠯᠪᠣᠭᠳᠠᠯ᠂ ᠬᠠᠤᠯᠢ ᠲᠦᠷᠢᠮ᠂ ᠰᠡᠷᠡᠮᠵᠢᠯᠡᠭᠦᠯᠬᠦ ᠬᠥᠮᠦᠵᠢᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠮᠡᠳᠡᠯᠭᠡ ᠵᠡᠷᠭᠡ ᠶᠢ ᠤᠬᠠᠭᠤᠯᠤᠨ᠂ ᠷᠠᠳᠢᠣ᠋ ᠲᠧᠯᠸᠢᠰ  ᠂ ᠤᠬᠠᠭᠤᠯᠭ᠎ᠠ ᠶᠢᠨ ᠤᠷᠢᠶ᠎ᠠ  ᠵᠡᠷᠭᠡ ᠣᠯᠠᠨ ᠶᠠᠩᠵᠤ ᠶᠢᠨ ᠠᠷᠭ᠎ᠠ ᠬᠡᠯᠪᠡᠷᠢ ᠪᠠᠷ ᠳᠠᠮᠵᠢᠨ᠂ ᠠᠷᠠᠳ ᠣᠯᠠᠨ ᠤ ᠭᠠᠯ ᠰᠡᠷᠭᠡᠶᠢᠯᠡᠬᠦ ᠦᠵᠡᠯ ᠤᠬᠠᠮᠰᠠᠷ ᠪᠠ ᠥᠪᠡᠷ ᠢ ᠪᠠᠨ ᠠᠪᠤᠷᠠᠬᠤ ᠬᠢᠷᠢ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃    ︵ᠬᠤᠶᠠᠷ︶ ᠭᠤᠤᠯᠳᠠᠯᠭ᠎ᠠ ᠲᠠᠢ ᠭᠠᠵᠠᠷ ᠣᠷᠣᠨ ᠤ ᠴᠠᠭᠳᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠤᠨ᠎ᠠ᠃ ᠢᠯᠠᠩᠭᠤᠶ᠎ᠠ ᠬᠠᠩᠰᠢ ᠶᠢᠨ ᠬᠤᠭᠤᠴᠠᠭᠠᠨ ᠳᠤ ᠲᠥᠷᠥᠯ ᠵᠦᠢᠯ ᠤᠨ ᠣᠷᠣᠨ᠂ ᠨᠡᠶᠢᠲᠡ ᠶᠢᠨ ᠣᠩᠭᠤᠨ ᠵᠡᠷᠭᠡ ᠭᠤᠤᠯᠳᠠᠯᠭ᠎ᠠ ᠲᠠᠢ ᠭᠠᠯ ᠰᠡᠷᠭᠡᠶᠢᠯᠡᠬᠦ ᠭᠠᠵᠠᠷ ᠣᠷᠣᠨ ᠳᠤ ᠬᠦᠨᠵᠡᠬᠡᠶᠢᠷᠡᠵᠦ᠂  ᠴᠠᠭᠳᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠠᠵᠢᠯ ᠢ ᠪᠠᠶᠢᠩᠭᠤ ᠦᠷᠨᠢᠬᠦᠯᠦᠨ᠂ ᠭᠠᠯ ᠤᠨ ᠠᠶᠤᠯ ᠤᠨ ᠳᠠᠯᠳᠠ ᠬᠡᠮ ᠢ ᠪᠥᠬᠦ ᠲᠠᠯ᠎ᠠ ᠪᠠᠷ ᠪᠠᠶᠢᠴᠠᠭᠠᠵᠤ᠂ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠶ᠃      ︵ᠭᠤᠷᠪᠠ︶ ᠭᠤᠤᠯᠳᠠᠯᠭ᠎ᠠ ᠲᠠᠢ ᠬᠥᠮᠦᠰ ᠢ ᠴᠢᠩᠭ᠎ᠠ ᠬᠢᠨᠠᠨ ᠬᠠᠮᠢᠶᠠᠷᠤᠨ᠎ᠠ᠃ ᠨᠠᠰᠤᠨ ᠳᠤ ᠦᠯᠦ ᠬᠦᠷᠦᠭᠰᠡᠳ ᠵᠢᠴᠢ ᠣᠨᠴᠣᠭᠤᠶ ᠬᠥᠮᠦᠰ ᠤᠨ ᠬᠢᠨᠠᠨ ᠬᠠᠮᠢᠶᠠᠷᠬᠤ ᠠᠵᠢᠯ ᠢ ᠴᠢᠩᠭᠠᠳᠬᠠᠵᠤ᠂  ᠬᠠᠷᠠᠵᠤ ᠬᠠᠷᠠᠭᠠᠯᠵᠠᠬᠤ ᠬᠦᠮᠦᠨ ᠢ ᠨᠢ ᠨᠠᠶᠢᠳᠠᠪᠤᠷᠢᠵᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠬᠦᠮᠦᠰ ᠤᠨ ᠪᠠᠶᠢᠭ᠎ᠠ ᠭᠠᠵᠠᠷ ᠣᠷᠣᠨ ᠳᠤ ᠭᠤᠣᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠪᠠᠶᠢᠴᠠᠭᠠᠯᠳᠠ ᠬᠠᠮᠢᠶᠠᠷᠤᠯᠳᠠ ᠎ ᠶᠢᠨ ᠤᠳᠠᠭ᠎ᠠ ᠲᠠᠷᠠᠭ᠎ᠠ ᠪᠠ ᠡᠷᠴᠢᠮ ᠬᠦᠴᠦ ᠶᠢ ᠨᠡᠮᠡᠭᠳᠡᠬᠦᠯᠦᠨ᠂  ᠭᠤᠣᠯᠳᠠᠯᠭ᠎ᠠ ᠲᠠᠢ ᠬᠦᠮᠦᠰ ᠤᠨ ᠲᠤᠰᠠᠭᠠᠷ ᠢᠶᠠᠨ ᠭᠠᠯ ᠰᠡᠷᠭᠡᠶᠢᠯᠡᠬᠦ ᠣᠷᠣᠨ ᠪᠦᠰᠡ ᠳᠤ ᠤᠴᠢᠬᠤ ᠶᠢ ᠡᠷᠡᠰ ᠴᠠᠭᠠᠵᠠᠯᠠᠬᠤ ᠬᠡᠷᠡᠭᠲᠡᠢ᠃      ᠲᠦᠷᠪᠡ᠂ ᠶᠠᠮᠠᠷᠪᠠ ᠨᠢᠬᠡᠴᠡ ᠪᠤᠶᠤ ᠬᠤᠪᠢ ᠬᠥᠮᠦᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂  ᠰᠤᠮᠤ ᠰᠢᠶᠠᠩ ᠪᠠᠯᠭᠠᠰᠤ ᠪᠠ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ ᠲᠤ ᠳᠠᠷᠤᠶ ᠲᠦᠷᠭᠡᠨ ᠮᠡᠳᠡᠭᠦᠯᠬᠦ ᠶᠢᠨ ᠬᠠᠮᠲᠤ ᠭᠠᠯ ᠤᠨᠲᠠᠷᠠᠭᠠᠬᠤ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠶᠠᠪᠤᠭᠳᠠᠭᠤᠯᠬᠤ ᠬᠡᠷᠡᠭᠲᠡᠶ᠃      ᠲᠠᠪᠤ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ ᠲᠣᠭᠲᠠᠭᠠᠯ ᠢ ᠵᠥᠷᠢᠴᠡᠵᠦ᠂  ᠭᠠᠯ ᠲᠦᠢᠮᠡᠷ ᠭᠠᠷᠭᠠᠵᠤ ᠠᠶᠤᠯ ᠬᠤᠬᠢᠷᠠᠯ ᠤᠴᠠᠷᠠᠭᠤᠯᠤᠭᠰᠠᠨ ᠪᠤᠯ᠂ ᠬᠠᠮᠢᠶ᠎ᠠ ᠪᠥᠬᠦᠶ ᠬᠠᠤᠯᠢ ᠲᠦᠷᠢᠮ ᠤᠨ ᠲᠠᠭᠠᠤ ᠴᠢᠩᠭ᠎ᠠ ᠰᠢᠳᠭᠡᠨ᠎ᠡ᠃       ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠮᠡᠳᠡᠬᠦᠯᠬᠦ ᠤᠲᠠᠰᠤ᠄ 12119       ᠲᠠᠶᠢᠹᠤᠰᠧ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ᠄ 0479-5238277       ᠲᠠᠶᠢᠹᠤᠰᠧ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠤᠪᠴᠢᠶ᠎ᠠ᠄ 0479-5222413       ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ 119       ᠲᠠᠶᠢᠹᠤᠰᠧ ᠬᠤᠰᠢᠭᠤᠨ ᠤ ᠬᠦᠨᠪᠤᠯᠠᠭ ᠰᠤᠮᠤ᠄ 0479-5887015       ᠲᠠᠶᠢᠹᠤᠰᠧ ᠬᠤᠰᠢᠭᠤᠨ ᠤ ᠪᠤᠤᠴᠠᠩ ᠪᠠᠯᠭᠠᠰᠤ᠄ 0479-5222227       ᠲᠠᠶᠢᠹᠤᠰᠧ ᠬᠤᠰᠢᠭᠤᠨ ᠤ ᠶᠦᠩ ᠹᠧᠩ ᠪᠠᠯᠭᠠᠰᠤ᠄ 0479-2265107       ᠲᠠᠶᠢᠹᠤᠰᠧ ᠬᠤᠰᠢᠭᠤᠨ ᠤ ᠴᠢᠶᠠᠨ ᠶᠢᠨ ᠭᠸᠦ ᠪᠠᠯᠭᠠᠰᠤ᠄ 0479 - 2265514       ᠲᠠᠶᠢᠹᠤᠰᠧ ᠬᠤᠰᠢᠭᠤᠨ ᠤ ᠯᠦᠸᠧ ᠲᠦᠸᠧ ᠱᠠᠨ ᠪᠠᠯᠭᠠᠰᠤ᠄ 0479 - 5855017       ᠲᠠᠶᠢᠹᠤᠰᠧ ᠬᠤᠰᠢᠭᠤᠨ ᠤ ᠬᠤᠩ ᠴᠢ ᠪᠠᠯᠭᠠᠰᠤ᠄ 0479 - 5823064       ᠲᠠᠶᠢᠹᠤᠰᠧ ᠬᠤᠰᠢᠭᠤᠨ ᠤ ᠰᠢᠩ ᠹᠦ᠋ ᠪᠠᠯᠭᠠᠰᠤ᠄ 0479-5899968                              ᠲᠠᠶᠢᠹᠤᠰᠧ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ                       ᠭᠠᠯ  ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ                                                       2025 ᠣᠨ ᠤ 3 ᠰᠠᠷ᠎ᠠ ᠶᠢᠨ 7᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号