ᠬᠤᠳᠳᠤᠭ ᠦᠷᠦᠮᠳᠡᠬᠦ ᠦᠢᠯᠡ ᠠᠵᠢᠯᠯᠠᠭ᠎ᠠ ᠶᠢ ᠲᠦᠷᠢᠮᠵᠢᠬᠦᠯᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2025/3/10
  ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢ ᠴᠢᠩᠭᠠᠳᠬᠠᠵᠤ᠂  ᠬᠤᠳᠳᠤᠭ ᠦᠷᠦᠮᠳᠡᠬᠦ ᠦᠢᠯᠡ ᠠᠵᠢᠯᠯᠠᠭ᠎ᠠ ᠶᠢ ᠲᠦᠷᠢᠮᠵᠢᠬᠦᠯᠦᠨ᠂  ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ ᠲᠤᠰᠠᠳᠠ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠤᠰᠤ ᠭᠡᠷᠡᠭᠯᠡᠬᠦ ᠳᠤ ᠵᠦᠪᠰᠢᠶᠡᠷᠡᠯ ᠠᠪᠬᠤ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠬᠤᠷᠢᠶᠠᠬᠤ  ᠬᠠᠮᠢᠶᠠᠷᠤᠯᠳᠠ ᠶᠢᠨ ᠲᠦᠷᠢᠮ︾  ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ  ᠭᠠᠵᠠᠷ ᠲᠤᠤᠷᠠᠬᠢ ᠤᠰᠤᠨ ᠳᠤ ᠬᠠᠮᠢᠶᠠᠷᠤᠯᠳᠠ ᠶᠢᠨ ᠲᠦᠷᠢᠮ︾ ᠵᠡᠷᠭᠡ ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠨ  ᠲᠤᠰ ᠵᠠᠷᠯᠠᠯ ᠢ ᠨᠡᠶᠢᠳᠡᠯᠡᠪᠡ  ᠄    ᠨᠢᠭᠡ᠂ ᠲᠠᠶᠢᠹᠤᠰᠧ ᠬᠤᠰᠢᠭᠤᠨ ᠳᠤ ᠪᠠᠶᠢᠭ᠎ᠠ ᠶᠠᠮᠠᠷᠪᠠ ᠠᠵᠤ ᠠᠬᠤᠶᠢᠯᠠᠯ ᠪᠠ ᠬᠤᠪᠢ ᠬᠦᠮᠦᠨ  ᠎ ᠨᠢ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠦᠬᠡᠢ ᠪᠠᠷ ᠲᠤᠷ᠎ᠠ ᠪᠠᠷ ᠢᠶᠠᠨ ᠬᠤᠳᠳᠤᠭ    ᠦᠷᠦᠮᠳᠡᠵᠦ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠢ ᠭᠡᠷᠡᠭᠯᠡᠵᠦ ᠪᠤᠯᠬᠤ ᠦᠬᠡᠢ᠂  ᠤᠰᠤᠵᠢᠭᠤᠯᠤᠯᠳᠠ ᠎ ᠶᠢᠨ ᠲᠠᠷᠢᠶᠠᠨ ᠳᠤ ᠪᠠᠶᠢᠭᠰᠠᠨ ᠬᠠᠭᠤᠴᠢᠨ ᠬᠤᠳᠳᠤᠭ ᠢᠶᠠᠨ ᠰᠢᠨᠡᠳᠬᠡᠵᠦ ᠦᠷᠦᠮᠳᠡᠬᠦ ᠳᠤ ᠴᠤ ᠵᠦᠪᠰᠢᠶᠡᠷᠡᠯ ᠠᠪᠬᠤ ᠭᠡᠷᠡᠭᠳᠡᠢ᠃     ᠬᠤᠶᠠᠷ᠂ ᠬᠤᠳᠳᠤᠭ ᠦᠷᠦᠮᠳᠡᠬᠦ ᠠᠵᠢᠯ ᠡᠷᠬᠢᠯᠡᠭᠡ ᠠᠵᠤ ᠠᠬᠤᠶᠢᠯᠠᠯ ᠨᠢ ᠡᠷᠭᠡᠪᠰᠢ ᠬᠠᠤᠯᠢ ᠶᠤᠰᠤᠨ ᠤ ᠡᠵᠡᠩᠨᠡᠯᠳᠡ ᠶᠢᠨ ᠦᠨᠡᠮᠯᠡᠯ ᠵᠡᠷᠭᠡ ᠬᠠᠮᠢᠶ᠎ᠠ ᠪᠦᠬᠦᠢ ᠬᠢᠷᠢ ᠬᠡᠮ ᠤᠨ ᠦᠨᠡᠮᠯᠡᠯ ᠪᠠᠶᠢᠮᠠᠨᠵᠢᠨ ᠰᠠᠶ᠋ᠢ ᠬᠤᠳᠳᠤᠭ ᠦᠷᠦᠮᠳᠡᠬᠦ ᠠᠵᠢᠯ ᠢ ᠬᠢᠵᠦ ᠪᠤᠯᠤᠨ᠎ᠠ᠂  ᠡᠵᠡᠩᠨᠡᠯᠳᠡ ᠶᠢᠨ ᠬᠢᠷᠢ ᠬᠡᠮ ᠦᠬᠡᠢ ᠠᠵᠤ ᠠᠬᠤᠶᠢᠯᠠᠯ ᠪᠠ ᠬᠤᠪᠢ ᠬᠦᠮᠦᠨ ᠬᠤᠳᠳᠤᠭ ᠦᠷᠦᠮᠳᠡᠬᠦ ᠠᠵᠢᠯ ᠢ ᠳᠤᠷ᠎ᠠ ᠪᠠᠷ ᠬᠢᠵᠦ ᠪᠣᠯᠬᠤ ᠦᠬᠡᠢ᠃ ᠲᠣᠰ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃     ᠭᠤᠷᠪᠠ᠂ ᠡᠵᠡᠩᠨᠡᠯᠳᠡ ᠶᠢᠨ ᠬᠢᠷᠢ ᠭᠡᠮ ᠲᠠᠢ ᠬᠤᠳᠳᠤᠭ ᠥᠷᠥᠮᠳᠡᠬᠦ ᠠᠵᠤ ᠠᠬᠤᠶᠢᠯᠠᠯ ᠨᠢ ᠡᠷᠬᠡᠪᠰᠢ ᠳᠣᠣᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠄ ᠬᠤᠳᠳᠤᠭ ᠥᠷᠥᠮᠳᠡᠬᠦ ᠦᠶᠡᠰ᠂  ᠬᠤᠰᠢᠭᠤ ᠪᠤᠶᠤ ᠲᠡᠭᠦᠨ ᠠᠴᠠ ᠲᠡᠭᠡᠷ᠎ᠡ ᠱᠠᠳᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠭᠠᠷ ᠭᠦᠢᠴᠡᠳᠬᠡᠯ ᠢ ᠦᠵᠡᠬᠦ ᠭᠡᠷᠡᠭᠳᠡᠢ᠃   ᠬᠢᠨᠠᠨ ᠵᠥᠪᠰᠢᠶᠡᠷᠡᠭᠰᠡᠨ ᠭᠠᠷ ᠭᠦᠢᠴᠡᠳᠬᠡᠯ ᠥᠬᠡᠶ ᠪᠤᠯ ᠬᠤᠳᠳᠤᠭ ᠦᠷᠦᠮᠳᠡᠬᠦ ᠶᠢ ᠴᠠᠭᠠᠵᠠᠯᠠᠨ᠎ᠠ᠃  ᠭᠠᠷ ᠬᠦᠢᠴᠡᠳᠭᠡᠯ ᠦᠬᠡᠢ ᠪᠠᠷ ᠬᠤᠳᠳᠤᠭ ᠦᠷᠦᠮᠳᠡᠭᠰᠡᠨ ᠪᠤᠯ ᠬᠤᠶᠠᠷ ᠲᠠᠯ᠎ᠠ ᠪᠠᠷ ᠢᠶᠠᠨ ᠪᠦᠷ ᠬᠠᠤᠯᠢ ᠵᠥᠷᠢᠴᠡᠭᠰᠡᠨ ᠬᠠᠷᠢᠭᠤᠴᠠᠯᠭ᠎ᠠ ᠶᠢ ᠡᠬᠦᠷᠭᠡᠯᠡᠵᠦ᠂ ᠬᠤᠰᠢᠭᠤᠨ ᠤ ᠤᠰᠤᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠬᠠᠤᠯᠢ ᠲᠦᠷᠢᠮ ᠢ ᠦᠨᠳᠦᠰᠦᠯᠡᠵᠦ ᠪᠠᠶᠢᠭᠠᠳ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃    ᠳᠥᠷᠪᠡ᠂ ᠬᠤᠰᠢᠭᠤᠨ ᠤ ᠤᠰᠤᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠤᠳᠳᠤᠭ ᠦᠷᠦᠮᠳᠡᠬᠦ ᠠᠵᠢᠯᠯᠠᠭ᠎ᠠ ᠶᠢ ᠴᠢᠩᠭ᠎ᠠ ᠬᠢᠨᠠᠨ ᠪᠠᠶᠢᠴᠠᠭᠠᠵᠤ᠂  ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠨ᠎ᠡ᠃    ᠲᠠᠪᠤ᠂ ᠵᠠᠰᠠᠭ ᠵᠠᠬᠢᠷᠭᠠᠨ ᠎ ᠤ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠶᠢ ᠬᠠᠷᠰᠢᠯᠠᠪᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ  ᠲᠦᠷᠢᠮ ᠢ ᠦᠨᠳᠦᠰᠦᠯᠡᠨ᠂ ᠰᠤᠮᠤ ᠰᠢᠶᠠᠩ ᠪᠠᠯᠭᠠᠰᠤᠨ ᠤ ᠲᠣᠮᠢᠯᠠᠭᠰᠠᠨ ᠰᠠᠯᠪᠤᠷᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠳᠤᠷᠠᠵᠤ ᠪᠠᠶᠢᠭᠠᠳ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠨ᠎ᠠ᠃     ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                        ᠲᠠᠶᠢᠹᠤᠰᠧ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶ᠎ᠠ                                   2025 ᠣᠨ ᠤ 3 ᠰᠠᠷ᠎ᠠ ᠶᠢᠨ 10᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号