3 ᠰᠠᠷ᠎ᠠ ᠶᠢᠨ 11 ᠤ ᠡᠳᠦᠷ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠵᠠᠰᠠᠭ | ᠵᠠᠬᠢᠷᠭᠠᠨ ᠤ ᠲᠥᠪ ᠲᠤ ᠬᠤᠷᠠᠯᠳᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠯᠢ ᠵᠠᠨ ᠷᠦᠢ ᠬᠤᠷᠠᠯ ᠢ ᠡᠷᠭᠢᠯᠡᠪᠡ᠃ ᠡᠨᠡ ᠤᠳᠠᠭᠠᠨ ᠤ ᠬᠤᠷᠠᠯ ᠳᠤ ᠣᠷᠣᠯᠴᠠᠬᠤ | ᠶᠣᠰᠣᠲᠠᠶ ᠭᠡᠰᠢᠭᠦᠨ 33 ᠬᠥᠮᠦᠨ᠂ ᠪᠣᠳᠠᠲᠠᠶ ᠣᠷᠣᠯᠴᠠᠭᠰᠠᠨ ᠨᠢ 27 ᠬᠥᠮᠦᠨ ᠪᠠᠶᠢᠵᠤ᠂ ᠬᠠᠤᠯᠢ ᠳᠤ | ᠲᠣᠭᠲᠠᠭᠠᠭᠰᠠᠨ ᠬᠥᠮᠦᠨ ᠲᠤᠭ᠎ᠠ ᠳᠤ ᠨᠡᠶᠢᠴᠡᠵᠡᠢ᠃ ᠬᠤᠷᠠᠯ ᠠᠴᠠ ᠵᠥᠪᠯᠡᠬᠦ ᠵᠦᠢᠯ ︵ᠲᠥᠰᠦᠯ︶ ᠢ ᠬᠢᠨᠠᠨ | ᠵᠥᠪᠯᠡᠵᠦ ᠪᠠᠳᠤᠯᠠᠭᠰᠠᠨ ᠪᠦᠭᠡᠳ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠬᠤᠰᠢᠭᠤ ᠵᠠᠰᠠᠭ ᠤᠨ ᠣᠷᠳᠣᠨ ᠤ 2024 ᠣᠨ ᠤ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ 2024 ᠣᠨ ᠤ ᠣᠷᠴᠢᠨ ᠲᠣᠭᠤᠷᠢᠨ ᠤ | ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ | ᠮᠡᠳᠡᠭᠦᠯᠦᠯᠲᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠠᠤᠯᠢ ᠲᠦᠷᠢᠮ ᠤᠨ ᠠᠵᠢᠯ ᠤᠨ ᠵᠥᠪᠯᠡᠯ ᠤᠨ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠠᠩᠰᠠᠯᠠᠨ | ᠪᠠᠶᠢᠴᠠᠭᠠᠬᠤ ᠲᠤᠬᠠᠢ ᠮᠡᠳᠡᠭᠦᠯᠦᠯᠲᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ ᠵᠡᠷᠭᠡ ᠶᠢ ᠰᠣᠨᠣᠰᠴᠤ ᠬᠢᠨᠠᠨ ᠵᠥᠪᠯᠡᠵᠦ | ᠪᠠᠳᠤᠯᠠᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ | ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠰᠢᠨ᠎ᠡ ᠪᠠᠷ ᠲᠤᠰᠢᠶᠠᠯ | ᠡᠭᠦᠷᠭᠡᠯᠡᠭᠰᠡᠳ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠢ ᠶᠠᠪᠤᠭᠤᠯᠵᠠᠢ᠃ ᠪᠠᠭᠠᠲᠤᠷ᠂ ᠯᠢᠦ | ᠲᠢᠩ ᠰᠢᠤ᠂ ᠵᠠᠩ ᠸᠧᠨ ᠴᠠᠩ ᠬᠤᠷᠠᠯ ᠳᠤ ᠣᠷᠣᠯᠴᠠᠵᠤ᠂ ᠳ᠋ᠢᠩ ᡁᠢ ᠴᠢᠶᠠᠩ᠂ ᠱᠢ ᠵᠠᠨ ᠵᠢᠶᠦ᠋ᠨ᠂ ᠺᠠᠩ ᠵᠢᠶᠠᠨ | ᠵᠢᠶᠦ᠋ᠨ᠂ ᠨᠠᠷᠠᠰᠤ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ | ᠲᠤᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤ ᠱᠠᠳᠤᠨ ᠤ ᠬᠡᠰᠡᠭ ᠠᠷᠠᠳ ᠤᠨ ᠲᠥᠯᠥᠭᠡᠯᠡᠭᠴᠢ | ᠬᠤᠷᠠᠯ ᠳᠤ ᠰᠤᠯᠠ ᠤᠷᠤᠯᠴᠠᠪᠠ᠃ |