ᠬᠤᠩ ᠴᠢ ᠪᠠᠯᠭᠠᠰᠤ
ᠨᠡᠶᠢᠲᠡᠯᠡᠭᠰᠡᠨ ᠴᠠᠭ᠄
2025/3/20
   ᠬᠤᠩ ᠴᠢ ᠪᠠᠯᠭᠠᠰᠤ ᠨᠢ ᠲᠠᠶᠢᠹᠤᠰᠧ ᠬᠤᠰᠢᠭᠤᠨ ᠤ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠵᠤ᠂ ᠪᠠᠷᠠᠭᠤᠨ ᠲᠠᠯ᠎ᠠ ᠪᠠᠷ ᠢᠶᠠᠨ ᠺᠠᠩ ᠪᠦᠦ ᠰᠢᠶᠠᠨ ᠲᠠᠢ ᠵᠠᠬᠠᠯᠠᠨ  ᠂ ᠬᠤᠶᠢᠲᠤ ᠲᠠᠯ᠎ᠠ ᠪᠠᠷ ᠢᠶᠠᠨ ᠰᠢᠯᠤᠭᠤᠨ ᠬᠦᠪᠡᠭᠡᠳᠦ ᠴᠠᠭᠠᠨ ᠬᠤᠰᠢᠭᠤ ᠲᠠᠢ ᠵᠠᠯᠭᠠᠯᠳᠤᠵᠤ ᠪᠠᠶᠢᠳᠠᠭ᠃ ᠶᠡᠷᠦᠩᠬᠡᠢ ᠲᠠᠯᠠᠪᠠᠶ ᠨᠢ 618 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠠᠷᠤᠭ ᠪᠥᠬᠦ ᠬᠤᠰᠢᠭᠤᠨ ᠤ ᠶᠡᠷᠦᠩᠬᠡᠢ ᠲᠠᠯᠠᠪᠠᠶ ᠶᠢᠨ 1/5᠎ ᠶᠢ ᠡᠵᠡᠯᠡᠨ᠎ᠡ  ᠃ 40 ᠵᠠᠰᠠᠭ ᠵᠠᠬᠢᠷᠭᠠᠨ ᠤ ᠲᠣᠰᠬᠤᠨ᠂ 105 ᠠᠶᠢᠯ ᠬᠤᠳᠠ ᠶᠢ ᠬᠠᠷᠢᠶᠠᠯᠠᠵᠤ᠂  ᠡᠷᠦᠬᠡ ᠠᠮᠠ ᠶᠢᠨ ᠲᠠᠩᠰᠠ ᠲᠠᠢ ᠨᠢ 1.72 ᠲᠦᠮᠡᠨ ᠡᠷᠦᠬᠡ 3.90 ᠲᠦᠮᠡᠨ ᠬᠥᠮᠥᠨ  ᠂ ᠪᠠᠶᠢᠩᠭᠤ ᠰᠠᠭᠤᠭ᠎ᠠ ᠨᠢ 5568 ᠡᠷᠦᠬᠡ 1.15 ᠲᠦᠮᠡᠨ ᠬᠥᠮᠥᠨ ᠪᠠᠶᠢᠨ᠎ᠠ᠃ ᠪᠥᠬᠦ ᠪᠠᠯᠭᠠᠰᠤᠨ ᠤ ᠲᠠᠷᠢᠶᠠᠨ ᠭᠠᠵᠠᠷ 32.59 ᠲᠦᠮᠡᠨ ᠮᠦ  ᠂  ᠣᠶᠢᠲᠤ ᠭᠠᠵᠠᠷ 27.76 ᠲᠦᠮᠡᠨ ᠮᠦ᠂  ᠠᠰᠢᠭᠯᠠᠵᠤ ᠪᠤᠯᠬᠤᠶᠢᠴᠠ ᠨᠤᠳᠤᠭ ᠪᠡᠯᠴᠢᠭᠡᠷ 30.26 ᠲᠦᠮᠡᠨ ᠮᠦ᠃  ᠪᠥᠬᠦ ᠪᠠᠯᠭᠠᠰᠤᠨ ᠳᠤ 41 ᠨᠠᠮ ᠤᠨ ᠡᠭᠦᠷ ᠲᠠᠢ᠂ ᠡᠭᠦᠨ ᠳᠤ ᠲᠣᠰᠬᠤᠨ ᠤ ᠨᠠᠮ ᠤᠨ ᠡᠭᠦᠷ 40᠂ ᠪᠠᠶᠢᠭᠤᠯᠭ᠎ᠠ ᠶᠢᠨ ᠨᠠᠮ ᠤᠨ ᠡᠭᠦᠷ 1 ᠪᠠᠶᠢᠵᠤ᠂  ᠨᠡᠶᠢᠳᠡ  1028 ᠨᠠᠮ ᠤᠨ ᠭᠡᠰᠢᠭᠦᠨ ᠲᠠᠢ᠂ ᠡᠭᠦᠨ ᠳᠤ ᠲᠠᠷᠢᠶᠠᠴᠢᠨ ᠨᠠᠮ ᠤᠨ ᠭᠡᠰᠢᠭᠦᠨ 983᠂ ᠪᠠᠶᠢᠭᠤᠯᠭ᠎ᠠ ᠶᠢᠨ ᠨᠠᠮ ᠤᠨ ᠭᠡᠰᠢᠭᠦᠨ 45 ᠪᠠᠶᠢᠵᠤ᠂ ᠡᠮᠡᠭᠲᠡᠢ ᠨᠠᠮ ᠤᠨ ᠭᠡᠰᠢᠭᠦᠨ 203 ᠪᠠᠶᠢᠨ᠎ᠠ᠃  ᠲᠤᠰ ᠪᠠᠯᠭᠠᠰᠤ ᠨᠢ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂  ᠮᠠᠯᠵᠢᠬᠤ ᠳᠤ ᠲᠣᠬᠢᠷᠠᠮᠵᠢᠲᠠᠢ ᠪᠣᠯ ᠮᠠᠯᠵᠢᠵᠤ᠂ ᠲᠠᠷᠢᠬᠤ ᠳᠤ ᠲᠣᠬᠢᠷᠠᠮᠵᠢᠲᠠᠢ ᠪᠣᠯ ᠲᠠᠷᠢᠬᠤ ᠶᠢ ᠪᠠᠷᠢᠮᠲᠠᠯᠠᠪᠠ᠃ ᠲᠠᠷᠢᠮᠠᠯ ᠤᠨ ᠵᠦᠢᠯ ᠨᠢ ᠶᠡᠷᠦᠩᠬᠡᠢ ᠎ ᠳᠡᠭᠡᠨ ᠲᠥᠮᠥᠰᠥ᠂ ᠨᠡᠷᠡᠨ ᠬᠤᠸᠠᠷ᠂ ᠰᠢᠬᠢᠷ ᠯᠤᠤᠪᠠᠩ᠂ ᠡᠷᠳᠡᠨᠢ ᠰᠢᠰᠢ  ᠪᠠᠷ ᠭᠤᠣᠯᠯᠠᠳᠠᠭ᠃ ᠪᠥᠬᠦ ᠪᠠᠯᠭᠠᠰᠤᠨ ᠤ ᠡᠷᠭᠢᠯᠲᠡ ᠳᠤ ᠣᠷᠣᠭᠤᠯᠤᠭᠰᠠᠨ ᠤᠰᠤᠯᠠᠯᠲᠠ ᠶᠢᠨ ᠲᠠᠯᠠᠪᠠᠶ 6.8 ᠲᠦᠮᠡᠨ ᠮᠦ᠂ ᠲᠥᠮᠥᠰᠥ ᠳᠠᠷᠢᠬᠤ ᠲᠠᠯᠠᠪᠠᠶ 2.7 ᠲᠦᠮᠡᠨ ᠮᠦ᠂ ᠨᠡᠷᠡᠨ ᠬᠤᠸᠠᠷ ᠳᠠᠷᠢᠬᠤ ᠲᠠᠯᠠᠪᠠᠶ 2.99 ᠲᠦᠮᠡᠨ ᠮᠦ᠂ ᠰᠢᠬᠢᠷ ᠯᠤᠤᠪᠠᠩ ᠳᠠᠷᠢᠬᠤ ᠲᠠᠯᠠᠪᠠᠶ 1.03 ᠲᠦᠮᠡᠨ ᠮᠦ  ᠃ ᠲᠡᠵᠢᠬᠡᠨ ᠦᠷᠡᠵᠢᠬᠦᠯᠬᠦ ᠦᠢᠯᠡᠰ ᠨᠢ  ᠮᠢᠬᠠᠨ ᠤ ᠦᠬᠡᠷ᠂ ᠰᠠᠭᠠᠯᠢ ᠶᠢᠨ ᠦᠨᠢᠶ᠎ᠡ᠂  ᠠᠩᠬᠢᠰ ᠬᠠᠷ᠎ᠠ ᠮᠢᠬᠠᠨ ᠤ ᠦᠬᠡᠷ ᠵᠡᠷᠭᠡ ᠪᠠᠷ ᠭᠤᠤᠯᠯᠠᠵᠤ᠂  ᠣᠳᠣᠬᠠᠨ ᠪᠥᠬᠦ ᠪᠠᠯᠭᠠᠰᠤ ᠪᠠᠷ ᠢᠶᠠᠨ 1.75 ᠲᠦᠮᠡᠨ ᠮᠢᠬᠠᠨ ᠎ ᠤ ᠦᠬᠡᠷ  ᠂ 1700 ᠰᠠᠭᠠᠯᠢ ᠶᠢᠨ ᠦᠨᠢᠶ᠎ᠡ ᠮᠠᠯᠵᠢᠵᠤ᠂ 954  ᠠᠩᠬᠢᠰ ᠬᠠᠷ᠎ᠠ ᠨᠠᠶᠢᠳᠠᠨ ᠮᠠᠯᠵᠢᠭᠤᠯᠵᠤ ᠪᠣᠶ᠃  ᠪᠠᠯᠭᠠᠰᠤᠨ ᠤ ᠭᠡᠪᠴᠢᠶᠡᠨ ᠳᠤ ᠴᠠᠷᠳᠠᠮᠠᠯ ᠵᠠᠮ 85 ᠺᠢᠯᠣᠮᠧᠲᠷ ᠪᠠᠶᠢᠵᠤ᠂ ᠡᠭᠦᠨ ᠳᠤ ᠺᠠᠩ ᠱᠠᠩ ᠱᠤᠭᠤᠮ᠂ ᠪᠦᠦ ᠪᠠᠢ ᠱᠤᠭᠤᠮ ᠲᠤᠰ ᠪᠠᠯᠭᠠᠰᠤ  ᠎ ᠪᠠᠷ ᠨᠡᠪᠳᠡᠷᠡᠨ᠎ᠡ᠃ ᠲᠣᠰᠬᠤᠨ ᠳᠤ ᠨᠡᠪᠲᠡᠷᠡᠬᠦ  ᠽᠧᠮᠧᠨ᠋ᠲ ᠵᠠᠮ  ᠎ ᠤᠨ ᠪᠦᠬᠦ ᠤᠷᠳᠤ ᠎ ᠨᠢ 148.4 ᠺᠢᠯᠣᠮᠧᠲᠷ ᠲᠤ ᠬᠦᠷᠴᠦ᠂ ᠲᠣᠰᠬᠤᠨ ᠪᠣᠯᠭᠠᠨ ᠳᠤ ᠽᠧᠮᠧᠨ᠋ᠲ ᠵᠠᠮ ᠨᠡᠪᠳᠡᠷᠡᠵᠡᠢ᠃ 2022 ᠣᠨ ᠳᠤ ᠨᠡᠶᠢᠲᠡ 26 ᠡᠷᠦᠬᠡ 51 ᠬᠥᠮᠥᠨ ᠢ ᠬᠢᠨᠠᠨ ᠬᠡᠮᠵᠢᠬᠦ ᠡᠷᠦᠬᠡ ᠳᠤ ᠤᠷᠤᠭᠤᠯᠵᠤ᠂ 35 ᠡᠷᠦᠬᠡ 70 ᠬᠥᠮᠥᠨ ᠢ ᠲᠦᠭᠰᠢᠭᠦᠷᠢ ᠠᠴᠠ ᠭᠠᠷᠭᠠᠭᠠᠳ᠂  ᠤᠳᠤ  ᠬᠢᠨᠠᠨ ᠰᠢᠯᠭᠠᠬᠤ ᠨᠢᠭᠤᠷᠯᠠᠯ ᠨᠡᠶᠢᠳᠡ 96 ᠡᠷᠦᠬᠡ 165 ᠬᠦᠮᠦᠨ ᠪᠠᠶᠢᠨ᠎ᠠ᠃ 987 ᠲᠦᠮᠡᠨ ᠲᠥᠭᠦᠷᠢᠭ ᠤᠨ ᠵᠤᠯᠭᠠᠭᠤᠯᠬᠤ ᠪᠡᠯᠡ ᠮᠥᠩᠭᠦ ᠶᠢ ᠠᠰᠢᠭᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 5 ᠲᠥᠷᠥᠯ ᠵᠦᠢᠯ ᠢ ᠭᠡᠷᠡᠭᠵᠢᠬᠦᠯᠵᠡᠢ᠃  ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠬᠢᠨᠠᠨ ᠲᠣᠭᠲᠠᠭᠠᠯᠲᠠ ᠪᠠᠷ ᠲᠠᠮᠵᠢᠭᠠᠳ᠂ 55 ᠡᠷᠦᠬᠡ ᠶᠢᠨ  ᠨᠤᠷᠠᠬᠤ ᠠᠶᠤᠯᠳᠠᠢ ᠭᠡᠷ ᠪᠠᠶᠢᠰᠢᠩ ᠳᠤ ᠥᠭᠡᠷᠡᠴᠢᠯᠡᠯᠲᠡ ᠬᠢᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号