ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/3/4
   ᠬᠠᠨ ᠲᠡᠯᠡᠬᠡᠢ ᠳᠤ ᠬᠠᠪᠤᠷ ᠰᠠᠭᠠᠳᠠᠵᠤ ᠬᠠᠮᠤᠭ ᠪᠤᠳᠠᠰ ᠠᠮᠢᠯᠠᠨ ᠲᠦᠯᠵᠢᠭᠰᠡᠨ ᠡᠨᠡᠬᠦ ᠰᠠᠶᠢᠬᠠᠨ ᠮᠦᠴᠡ ᠳᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ  ᠎ ᠪᠠᠨ ᠴᠢᠨᠠᠷ ᠴᠢᠨᠰᠠᠭ᠎ᠠ ᠤᠯᠠᠮ ᠰᠠᠶᠢᠵᠢᠷᠠᠭᠤᠯᠬᠤ ᠶᠢᠨ ᠲᠤᠰᠠᠳᠠ᠂   ᠪᠥᠬᠦ ᠬᠤᠰᠢᠭᠤᠨ ᠤ ᠠᠷᠠᠳ ᠤᠯᠠᠨ ᠳᠤ ᠳᠣᠤᠷᠠᠬᠢ ᠰᠠᠨᠠᠭᠠᠴᠢᠯᠠᠭ᠎ᠠ ᠶᠢ ᠭᠠᠷᠭᠠᠵᠤ ᠪᠠᠶᠢᠨᠠᠮ᠄    ᠨᠢᠭᠡ᠂ ᠨᠠᠮ ᠤᠨ ᠭᠡᠰᠢᠭᠦᠨ ᠺᠠᠳ᠋ᠷᠴᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠣᠷᠴᠢᠨ ᠲᠣᠭᠤᠷᠢᠨ ᠎ ᠤ ᠵᠠᠰᠠᠯᠳᠠ ᠶᠢᠨ ︽ᠬᠤᠰᠢᠭᠤᠴᠢ︾᠎ ᠨᠢ ᠪᠤᠯᠵᠠᠭᠠᠶ᠎ᠠ᠃ ᠥᠷᠭᠡᠨ ᠤᠯᠠᠨ ᠨᠠᠮ ᠤᠨ ᠭᠡᠰᠢᠬᠦᠨ ᠺᠠᠳ᠋ᠷᠴᠤᠳ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠳᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠦᠬᠦ ᠬᠤᠰᠢᠭᠤᠨ ᠤ ᠬᠥᠭᠵᠢᠯᠲᠡ ᠶᠢᠨ ᠴᠢᠬᠤᠯᠠ ᠰᠠᠭᠤᠷᠢ ᠨᠢ ᠪᠤᠯᠤᠨ᠎ᠡ ᠭᠡᠳᠡᠭ ᠢ ᠭᠦᠢᠴᠡᠳ ᠲᠠᠨᠢᠵᠤ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠶᠢ ᠡᠪᠦᠷᠯᠡᠨ ᠪᠦᠬᠦ ᠰᠡᠳᠬᠢᠯ ᠪᠦᠬᠦ ᠵᠣᠷᠢᠭ ᠢᠶᠠᠷ ᠣᠷᠴᠢᠨ ᠲᠣᠭᠤᠷᠢᠨ ᠤ ᠵᠠᠰᠠᠯᠳᠠ  ᠎ ᠶᠢᠨ ᠠᠵᠢᠯ ᠳᠤ ᠣᠷᠣᠯᠴᠠᠬᠤ ᠬᠡᠷᠡᠭᠲᠡᠢ᠃ ᠥᠪᠡᠷ ᠤᠨ ᠬᠠᠵᠠᠭᠤ ᠬᠠᠪᠢ ᠳᠠᠬᠢ ᠣᠷᠴᠢᠨ ᠲᠣᠭᠤᠷᠢᠨ ᠢᠶᠠᠨ ᠲᠦᠷᠦᠭᠦᠯᠡᠨ ᠴᠡᠪᠡᠷᠯᠡᠵᠦ᠂ ᠬᠤᠭ ᠨᠣᠪᠰᠢ ᠣᠪᠣᠭᠠᠯᠠᠬᠤ᠂ ᠶᠠᠭᠤᠮ᠎ᠠ ᠬᠡᠦᠮ᠎ᠡ ᠪᠠᠨ ᠳᠤᠷ᠎ᠠ ᠪᠠᠷ ᠲᠠᠯᠪᠢᠬᠤ ᠶᠢ ᠴᠡᠭᠡᠷᠯᠡᠨ᠂ ᠣᠯᠠᠨ ᠨᠡᠶᠢᠲᠡ ᠶᠢᠨ  ᠲᠠᠯᠠᠪᠠᠢ ᠶᠢᠨ ᠣᠷᠴᠢᠨ ᠲᠣᠭᠤᠷᠢᠨ ᠤ ᠵᠠᠰᠠᠯᠲᠠ ᠳᠤ ᠢᠳᠡᠪᠬᠢᠲᠡᠶ ᠣᠷᠣᠯᠴᠠᠵᠤ᠂ ᠣᠷᠴᠢᠨ ᠲᠣᠭᠤᠷᠢᠨ ᠤ ᠨᠣᠭᠤᠭᠠᠷᠠᠭᠤᠯᠤᠯᠲᠠ᠂ ᠭᠡᠭᠡᠷᠡᠬᠦᠯᠦᠯᠳᠡ ᠶᠢᠨ ᠲᠦᠬᠦᠭᠡᠷᠦᠮᠵᠢ ᠶᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠨ᠂ ᠦᠪᠡᠷ ᠤᠨ ᠦᠢᠯᠡ ᠠᠵᠢᠯᠯᠠᠭ᠎ᠠ ᠪᠠᠷ ᠢᠶᠠᠨ ᠣᠯᠠᠨ ᠲᠦᠮᠡᠨ ᠢ ᠤᠷᠢᠶᠠᠯᠠᠨ ᠲᠠᠶᠢᠴᠢᠯᠠᠬᠤ ᠭᠡᠷᠡᠭᠳᠡᠢ᠃    ᠬᠤᠶᠠᠷ᠂ ᠥᠷᠭᠡᠨ ᠤᠯᠠᠨ ᠠᠷᠠᠳ ᠢᠷᠭᠡᠳ ᠬᠠᠮᠲᠤ ᠪᠠᠷ ᠣᠷᠣᠯᠴᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠤ ᠪᠠᠨ ︽ᠡᠵᠡᠨ︾᠎ ᠨᠢ ᠪᠤᠯᠵᠠᠭᠠᠶ᠎ᠠ᠃ ᠥᠷᠭᠡᠨ ᠣᠯᠠᠨ ᠠᠷᠠᠳ ᠢᠷᠭᠡᠳ ᠳᠠᠷᠦ᠋ᠢᠬᠠᠨ ᠬᠥᠳᠡᠯᠦᠯᠴᠡᠵᠦ᠂ ᠥᠪᠡᠷ ᠤᠨ ᠬᠦᠷᠢᠶ᠎ᠡ ᠬᠠᠰᠢᠶ᠎ᠠ᠂ ᠠᠰᠠᠷ ᠤᠨ ᠬᠤᠩᠭᠢᠯ ᠢᠶᠠᠨ ᠪᠥᠬᠦ ᠲᠠᠯ᠎ᠠ ᠪᠠᠷ ᠴᠡᠪᠡᠷᠯᠡᠨ᠂  ᠡᠳ᠋ ᠪᠣᠳᠠᠰ ᠢᠶᠠᠨ ᠡᠮᠬᠢ ᠵᠢᠷᠤᠮ ᠲᠠᠢ ᠲᠠᠯᠪᠢᠵᠤ᠂  ᠭᠡᠷ ᠬᠦᠷᠢᠶ᠎ᠡ ᠪᠠᠨ ᠴᠡᠪᠡᠷ ᠴᠡᠮᠴᠡᠭᠡᠷ ᠪᠠᠶᠢᠯᠭᠠᠬᠤ ᠬᠡᠷᠡᠭᠲᠡᠶ᠃ ᠬᠤᠭ ᠨᠣᠪᠰᠢ ᠶᠢ ᠲᠥᠷᠥᠯ   ᠬᠤᠪᠢᠶᠠᠬᠤ ᠠᠵᠢᠯ ᠢ ᠰᠠᠶᠢᠨ ᠬᠢᠵᠦ᠂ ᠬᠤᠭ ᠨᠣᠪᠰᠢ ᠶᠢ ᠲᠤᠭᠳᠠᠭᠰᠠᠨ ᠭᠠᠵᠠᠷ ᠲᠤᠨᠢ ᠬᠠᠶᠠᠵᠤ᠂  ᠭᠡᠷ ᠎ ᠤᠨ ᠢᠶᠠᠨ ᠤᠶᠢᠷ᠎ᠠ ᠤᠷᠴᠢᠨ ᠢ ᠠᠷᠢᠭᠤᠨ ᠴᠡᠪᠡᠷ  ᠪᠠᠶᠢᠯᠭᠠᠬᠤ ᠭᠡᠷᠡᠭᠳᠡᠢ᠃ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ ᠣᠷᠴᠢᠨ ᠲᠣᠭᠤᠷᠢᠨ ᠤ ᠪᠠᠶᠢᠳᠠᠯ ᠢ ᠠᠩᠬᠠᠷᠴᠤ᠂ ᠲᠤᠷ᠎ᠠ ᠪᠠᠷ ᠢᠶᠠᠨ ᠬᠤᠭ ᠨᠣᠪᠰᠢ ᠬᠠᠶᠠᠬᠤ᠂ ᠣᠯᠠᠨ ᠨᠡᠶᠢᠲᠡ ᠶᠢᠨ ᠲᠦᠬᠦᠭᠡᠷᠦᠮᠵᠢ ᠶᠢ ᠡᠪᠳᠡᠬᠦ ᠵᠡᠷᠭᠡ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠬᠤ ᠶᠢᠨ ᠬᠠᠮᠲᠤ ᠢᠯᠡᠴᠢᠯᠡᠨ ᠮᠡᠳᠡᠭᠦᠯᠵᠦ᠂   ᠪᠢᠳᠡ ᠪᠦᠬᠦᠨ ᠤ ᠬᠢᠯᠪᠠᠷ ᠪᠤᠰᠤ ᠪᠠᠷ ᠣᠯᠤᠭᠰᠠᠨ ᠤᠷᠴᠢᠨ ᠲᠤᠭᠤᠷᠢᠨ ᠤ ᠵᠠᠰᠠᠯᠳᠠ ᠶᠢᠨ ᠦᠷ᠎ᠡ ᠪᠦᠲᠦᠭᠡᠯ ᠢᠶᠠᠨ ᠬᠠᠮᠲᠤᠪᠠᠷ ᠰᠠᠬᠢᠨ ᠬᠠᠮᠠᠭᠠᠯᠠᠵᠤ᠂ ᠪᠥᠬᠦ ᠠᠷᠠᠳ ᠢᠶᠠᠷ ᠢᠶᠠᠨ ᠬᠢᠨᠠᠯᠲᠠ ᠲᠠᠯᠪᠢᠵᠤ ᠬᠠᠶᠢᠷᠠᠯᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠭᠡᠷᠡᠭᠳᠡᠢ᠃    ᠭᠤᠷᠪᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠢᠳᠡᠪᠬᠢᠳᠡᠢ ᠪᠠᠷ ᠬᠤᠪᠢ ᠨᠡᠮᠡᠷᠢ ᠦᠵᠡᠭᠦᠯᠵᠦ᠂ ᠪᠣᠯᠪᠠᠰᠤᠨ ᠬᠡᠪ ᠰᠤᠷᠲᠠᠯ ᠤᠨ ︽ᠤᠯᠠᠮᠵᠢᠯᠠᠭᠴᠢ︾ ᠪᠤᠯᠵᠠᠭᠠᠶ᠎ᠠ᠃ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠡᠯ᠎ᠡ ᠲᠥᠷᠥᠯ ᠤᠨ ᠣᠷᠴᠢᠨ ᠲᠣᠭᠤᠷᠢᠨ ᠤ ᠵᠠᠰᠠᠯᠳᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠎ ᠳᠤ ᠢᠳᠡᠪᠬᠢᠲᠡᠢ ᠣᠷᠣᠯᠴᠠᠵᠤ᠂  ᠪᠤᠳᠠᠳᠤ ᠠᠵᠢᠯᠯᠠᠭ᠎ᠠ ᠪᠠᠷ ᠢᠶᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠰᠠᠶᠢᠵᠢᠷᠠᠯᠳᠠ ᠳᠤ  ᠬᠦᠴᠦᠨ ᠨᠡᠮᠡᠷᠢᠯᠡᠬᠦ ᠭᠡᠷᠡᠭᠳᠡᠢ᠃ ᠲᠣᠰ ᠪᠡᠶ᠎ᠡ ᠶᠢᠨ ᠪᠣᠯᠪᠠᠰᠤᠨ ᠦᠢᠯᠡ ᠠᠵᠢᠯᠯᠠᠭ᠎ᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠯᠠᠭ᠎ᠠ ᠪᠠᠷ ᠳᠠᠭᠤᠷᠢᠶᠠᠯ ᠪᠤᠯᠭᠠᠨ᠂  ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ᠂ ᠪᠣᠯᠪᠠᠰᠤᠨ ᠠᠮᠢᠳᠤᠷᠠᠯ ᠤᠨ ᠣᠨᠣᠯᠵᠢᠬᠤᠨ ᠢ  ᠣᠯᠠᠨ ᠲᠦᠮᠡᠨ ᠳᠤ ᠤᠯᠠᠮᠵᠢᠯᠠᠵᠤ᠂ ︽ ᠲᠠᠪᠤᠨ ᠴᠡᠭᠡᠷᠯᠡᠯ︾ ︵ᠠᠮᠢ ᠠᠬᠤᠶ ᠶᠢ ᠡᠪᠳᠡᠬᠦ ᠥᠬᠡᠶ᠂ ᠣᠷᠴᠢᠨ ᠲᠣᠭᠤᠷᠢᠨ ᠢ ᠪᠣᠬᠢᠷᠲᠤᠭᠤᠯᠬᠤ ᠥᠬᠡᠶ᠂ ᠠᠮᠤ ᠪᠤᠳᠠᠭ᠎ᠠ ᠶᠢ ᠪᠦᠷᠢᠯᠭᠡᠬᠦ ᠥᠬᠡᠶ᠂ ᠬᠡᠭᠡᠷ᠎ᠡ ᠶᠢᠨ ᠠᠮᠢᠳᠠᠨ ᠢ ᠠᠩᠨᠠᠵᠤ ᠢᠳᠡᠬᠦ ᠥᠬᠡᠶ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠥᠬᠡᠶ︶᠎ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃                                 ᠲᠠᠶᠢᠹᠤᠰᠧ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ                            2025 ᠣᠨ ᠤ 3 ᠰᠠᠷ᠎ᠠ ᠶᠢᠨ 3᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号