ᠯᠢ ᠳ᠋ᠦᠩ ᠯᠢᠨ    ᠳᠡᠳ᠋ ᠬᠤᠰᠢᠭᠤ ᠳᠠᠷᠤᠭ᠎ᠠ
ᠨᠡᠶᠢᠲᠡᠯᠡᠭᠰᠡᠨ ᠴᠠᠭ᠄
2025/3/9
   ᠯᠢ ᠳ᠋ᠦᠩ ᠯᠢᠨ᠂ ᠡᠷᠡᠭᠲᠡᠶ᠂ ᠬᠢᠲᠠᠳ ᠦᠨᠳᠦᠰᠦᠲᠡᠨ᠂ 1982 ᠣᠨ ᠤ 8 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠤᠳᠬ᠎ᠠ ᠵᠣᠬᠢᠶᠠᠯ ᠤᠨ ᠪᠠᠴᠧᠯᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃     ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠬᠤᠰᠢᠭᠤ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ  ᠃     ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂  ᠬᠤᠰᠢᠭᠤ ᠳᠠᠷᠤᠭ᠎ᠠ ᠶᠢ ᠬᠠᠪᠰᠤᠷᠤᠨ  ᠶᠡᠷᠦᠩᠬᠡᠶᠢᠯᠡᠭᠰᠡᠨ ᠠᠵᠤ ᠠᠬᠤᠶ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠪᠠᠯᠭᠠᠰᠤᠨ ᠤ ᠬᠠᠮᠢᠶᠠᠷᠤᠯᠲᠠ᠂ ᠰᠣᠶᠣᠯ ᠵᠢᠭᠤᠯᠴᠢᠯᠠᠯ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠦᠩ ᠵᠢᠶ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠥᠸᠧ ᠷᠦᠢ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠬᠢᠭᠡᠳ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠠᠢ ᠴᠧᠩ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠬᠤ ᠶᠢᠨ ᠬᠠᠮᠳᠤ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃     ᠬᠠᠷᠢᠯᠴᠠᠬᠤ ᠨᠢᠭᠡᠴᠡ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠤᠪᠴᠢᠶᠠᠨ ᠤ ᠲᠠᠶᠢᠹᠤᠰᠧ ᠳᠠᠬᠢ ᠰᠠᠯᠪᠤᠷᠢ ᠲᠣᠪᠴᠢᠶ᠎ᠠ᠂ ᠠᠵᠤ ᠦᠢᠯᠡᠳᠪᠦᠷᠢ ᠶᠢᠨ ᠪᠠᠩᠬᠢ᠂ ᠲᠠᠷᠢᠶᠠᠯᠠᠩ ᠤᠨ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂  ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ᠂ ᠰᠢᠤᠳᠠᠨ ᠪᠠᠩᠬᠢ᠂ ᠥᠪᠥᠷ ᠮᠣᠩᠭᠤᠯ ᠪᠠᠩᠬᠢ᠂  ᠲᠤᠰᠬᠤᠨ ᠪᠠᠯᠭᠠᠰᠤᠨ ᠤ ᠪᠠᠩᠬᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠡᠳ᠋ ᠬᠦᠷᠦᠩᠭᠡ ᠶᠢᠨ ᠳᠠᠭᠠᠳᠬᠠᠯ ᠤᠨ ᠺᠣᠮᠫᠠᠨᠢ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号