ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ    ᠳ᠋ᠠᠢ ᡁᠢ ᠿᠦᠢ
ᠨᠡᠶᠢᠲᠡᠯᠡᠭᠰᠡᠨ ᠴᠠᠭ᠄
2025/3/9
   ᠳ᠋ᠠᠢ ᡁᠢ ᠿᠦᠢ᠂ ᠡᠷᠡᠭᠲᠡᠶ᠂ ᠮᠣᠩᠭᠤᠯ ᠦᠨᠳᠦᠰᠦᠲᠡᠨ᠂ 1980 ᠣᠨ ᠤ 10 ᠰᠠᠷ᠎ᠠ ᠳᠤ ᠳᠦᠷᠦᠵᠡᠶ᠂  ᠶᠡᠭᠡ ᠰᠤᠷᠭᠠᠭᠤᠯᠢ ᠶᠢᠨ ᠲᠧᠭᠨᠢᠭ ᠤᠨ ᠤᠬᠠᠭᠠᠨ ᠤ  ᠪᠠᠴᠧᠯᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃    ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠭᠤᠷᠪᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ᠃    ᠴᠧᠨ ᠶᠠᠨ ᠪᠦᠦ ᠨᠥᠬᠦᠷ ᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ᠂ ᠵᠠᠬᠢᠳᠠᠯ ᠰᠤᠷᠪᠤᠯᠵᠢᠯᠠᠭ᠎ᠠ᠂ ᠨᠡᠶᠢᠭᠡᠮ ᠤᠨ ᠠᠵᠢᠯ᠂ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠳᠠᠭᠰᠢ ᠨᠡᠭᠡᠭᠡᠯᠳᠡ᠂ ᠴᠡᠷᠢᠭ ᠠᠴᠠ ᠬᠠᠯᠠᠭᠳᠠᠭᠰᠠᠳ᠂ ᠭᠠᠳᠠᠭᠠᠳᠤ ᠶᠠᠪᠤᠳᠠᠯ᠂ ᠰᠤᠷᠭᠠᠨ ᠬᠥᠮᠦᠵᠢᠯ᠂ ᠨᠠᠮ ᠤᠨ ᠲᠡᠤᠬᠡ᠂ ᠣᠯᠠᠨ ᠲᠦᠮᠡᠨᠴᠢ ᠡᠪᠯᠡᠯ ᠪᠦᠯᠬᠦᠮ ᠤᠨ ᠠᠵᠢᠯ ᠢ ᠬᠠᠷᠢᠭᠤᠴᠠᠨ᠂  ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ᠂ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠭᠡᠷ᠂ ᠰᠤᠷᠭᠠᠨ ᠬᠥᠮᠦᠵᠢᠯ ᠤᠨ ᠠᠵᠢᠯ ᠤᠨ ᠵᠥᠪᠯᠡᠯ᠂ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠤᠰᠢᠭᠤᠨ ᠤ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠢ ᠬᠤᠪᠢᠳᠠᠨ  ᠬᠠᠮᠢᠶᠠᠷᠴᠤ᠂  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠷᠢᠯᠴᠠᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号