ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠲᠡᠳ᠋ ᠬᠤᠰᠢᠭᠤ ᠲᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/4/1
ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂  ᠬᠤᠰᠢᠭᠤ ᠬᠠᠷᠢᠶ᠎ᠠ᠂  ᠲᠠᠶᠢᠹᠤᠰᠧ ᠳᠤ ᠰᠠᠭᠤᠭ᠎ᠠ ᠡᠯ᠎ᠡ ᠨᠢᠭᠡᠴᠡ ᠳᠤ᠄     ᠠᠵᠢᠯ ᠤᠨ ᠬᠡᠷᠡᠭᠴᠡᠭᠡ ᠪᠠ ᠠᠵᠢᠯᠲᠠᠨ ᠤ ᠶᠠᠪᠤᠳᠠᠯ ᠤᠨ ᠬᠤᠪᠢᠷᠠᠯᠲᠠ ᠶᠢ ᠦᠨᠳᠦᠰᠦᠯᠡᠵᠦ᠂  ᠬᠤᠰᠢᠭᠤ ᠵᠠᠰᠠᠭ ᠤᠨ ᠣᠷᠳᠣᠨ ᠠᠴᠠ ᠶᠠᠷᠢᠯᠴᠠᠨ ᠰᠤᠳᠤᠯᠬᠤ ᠪᠠᠷ ᠲᠠᠮᠵᠢᠭᠠᠳ᠂ ᠬᠤᠰᠢᠭᠤ ᠲᠠᠷᠤᠭ᠎ᠠ᠂ ᠳᠡᠳ᠋ ᠬᠤᠰᠢᠭᠤ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠳᠤ ᠲᠤᠬᠢᠷᠠᠭᠤᠯᠤᠯᠳᠠ ᠬᠢᠭᠰᠡᠨ ᠪᠠᠶᠢᠨ᠎ᠠ᠂ ᠡᠳᠦᠭᠡ ᠠᠵᠢᠯ ᠬᠤᠪᠢᠶᠠᠷᠢᠯᠠᠭᠰᠠᠨ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄     ᠬᠤᠰᠢᠭᠤ ᠲᠠᠷᠤᠭ᠎ᠠ ᠴᠧᠨ ᠶᠠᠨ ᠪᠤᠤ ᠬᠤᠰᠢᠭᠤ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠬᠠᠷᠢᠭᠤᠴᠠᠵᠤ᠂ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠯᠢ ᠳ᠋ᠦᠩ ᠯᠢᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂  ᠬᠤᠰᠢᠭᠤ ᠳᠠᠷᠤᠭ᠎ᠠ ᠶᠢ ᠬᠠᠪᠰᠤᠷᠤᠨ ᠶᠡᠷᠦᠩᠬᠡᠶᠢᠯᠡᠭᠰᠡᠨ ᠠᠵᠤ ᠠᠬᠤᠶ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠪᠠᠯᠭᠠᠰᠤᠨ ᠤ ᠬᠠᠮᠢᠶᠠᠷᠤᠯᠲᠠ᠂ ᠰᠣᠶᠣᠯ ᠵᠢᠭᠤᠯᠴᠢᠯᠠᠯ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠦᠩ ᠵᠢᠶ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠥᠸᠧ ᠷᠦᠢ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠬᠢᠭᠡᠳ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠠᠢ ᠴᠧᠩ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠬᠤ ᠶᠢᠨ ᠬᠠᠮᠳᠤ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃    ᠬᠠᠷᠢᠯᠴᠠᠬᠤ ᠨᠢᠭᠡᠴᠡ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂  ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠬᠠᠮᠢᠶᠠᠷᠤᠯᠲᠠ ᠶᠢᠨ ᠲᠥᠪ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠤᠪᠴᠢᠶᠠᠨ ᠤ ᠲᠠᠶᠢᠹᠤᠰᠧ ᠳᠠᠬᠢ ᠰᠠᠯᠪᠤᠷᠢ ᠲᠣᠪᠴᠢᠶ᠎ᠠ᠂ ᠠᠵᠤ ᠦᠢᠯᠡᠳᠪᠦᠷᠢ ᠶᠢᠨ ᠪᠠᠩᠬᠢ᠂ ᠲᠠᠷᠢᠶᠠᠯᠠᠩ ᠤᠨ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂  ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ᠂ ᠰᠢᠤᠳᠠᠨ ᠪᠠᠩᠬᠢ᠂ ᠥᠪᠥᠷ ᠮᠣᠩᠭᠤᠯ ᠪᠠᠩᠬᠢ᠂  ᠲᠤᠰᠬᠤᠨ ᠪᠠᠯᠭᠠᠰᠤᠨ ᠎ ᠤ ᠪᠠᠩᠬᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠡᠳ᠋ ᠬᠦᠷᠦᠩᠭᠡ ᠶᠢᠨ ᠳᠠᠭᠠᠳᠬᠠᠯ ᠤᠨ ᠺᠣᠮᠫᠠᠨᠢ᠃   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠰᠦᠨ ᠶᠠᠨ ᠬᠤᠰᠢᠭᠤ ᠲᠠᠷᠤᠭ᠎ᠠ ᠶᠢ ᠬᠠᠪᠰᠤᠷᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠬᠠᠮᠢᠶ᠎ᠠ ᠪᠥᠬᠦᠶ ᠠᠵᠢᠯ ᠢ ᠬᠠᠷᠢᠭᠤᠴᠠᠵᠤ᠂ ᠭᠤᠤᠯᠳᠠᠭᠤ ᠳᠡᠳ᠋ ᠬᠤᠰᠢᠭᠤ ᠳᠠᠷᠤᠭ᠎ᠠ ᠯᠢ ᠵᠠᠨ ᠪᠤᠤ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠯᠤᠭ᠎ᠠ ᠬᠠᠷᠢᠯᠴᠠᠬᠤ ᠶᠢᠨ ᠬᠠᠮᠳᠤ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠹᠠᠨ ᠬᠤᠸᠠ ᠮᠢᠨ ᠬᠤᠰᠢᠭᠤ ᠲᠠᠷᠤᠭ᠎ᠠ ᠶᠢ ᠬᠠᠪᠰᠤᠷᠤᠨ ᠬᠤᠳᠠᠯᠳᠤᠭᠠᠨ ᠤ ᠶᠠᠪᠤᠳᠠᠯ᠂ ᠬᠠᠩᠭᠠᠨ ᠪᠤᠷᠤᠯᠠᠭᠤᠯᠭ᠎ᠠ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠠᠩᠭᠠᠨ ᠪᠣᠷᠣᠯᠠᠭᠤᠯᠬᠤ ᠬᠤᠷᠰᠢᠶ᠎ᠠ᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠬᠤ ᠶᠢᠨ ᠬᠠᠮᠳᠤ᠂  ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃                                                    ᠳᠡᠳ᠋ ᠬᠤᠰᠢᠭᠤ ᠳᠠᠷᠤᠭ᠎ᠠ ᠯᠢ ᠵᠠᠨ ᠪᠦᠦ ᠬᠤᠰᠢᠭᠤ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ᠂ ᠭᠠᠯ ᠰᠡᠷᠭᠡᠶᠢᠯᠡᠯᠳᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠴᠤ᠂  ᠬᠢᠨᠠᠨ ᠪᠤᠳᠤᠬᠤ ᠲᠣᠪᠴᠢᠶ᠎ᠠ ᠶᠢ ᠬᠠᠮᠵᠢᠨ ᠬᠠᠮᠢᠶᠠᠷᠬᠤ ᠶᠢᠨ ᠬᠠᠮᠳᠤ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃    ᠬᠠᠷᠢᠯᠴᠠᠬᠤ ᠨᠢᠭᠡᠴᠡ᠄ ᠴᠠᠭ ᠠᠭᠤᠷ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠲᠠᠷᠢᠶᠠᠴᠢᠨ ᠡᠷᠦᠬᠡ ᠶᠢᠨ ᠪᠡᠶ᠎ᠡ ᠪᠠᠨ ᠳᠠᠭᠠᠭᠠᠭᠰᠠᠨ ᠦᠢᠯᠡᠴᠢᠯᠡᠭᠡᠨ ᠤ ᠬᠤᠷᠰᠢᠶ᠎ᠠ᠃    ᠳᠡᠳ᠋ ᠬᠤᠰᠢᠭᠤ ᠳᠠᠷᠤᠭ᠎ᠠ ᠤᠶᠤᠨᠴᠡᠴᠡᠭ ᠬᠤᠰᠢᠭᠤ ᠲᠠᠷᠤᠭ᠎ᠠ ᠶᠢ ᠬᠠᠪᠰᠤᠷᠤᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠡᠮᠴᠢᠯᠡᠭᠡᠨ ᠤ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭ᠎ᠠ᠂ ᠲᠣᠮᠣ ᠳ᠋ᠠᠶᠢᠲ᠋ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ᠂  ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠥᠪ ᠢ ᠬᠤᠪᠢᠳᠠᠨ ᠬᠠᠮᠢᠶᠠᠷᠬᠤ ᠶᠢᠨ ᠬᠠᠮᠳᠤ ᠬᠤᠰᠢᠭᠤ  ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃     ᠬᠠᠷᠢᠯᠴᠠᠬᠤ ᠨᠢᠭᠡᠴᠡ᠄ ᠠᠵᠢᠯᠴᠢᠨ ᠤ ᠡᠪᠯᠡᠯ᠂  ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃     ᠳᠡᠳ᠋ ᠬᠤᠰᠢᠭᠤ ᠳᠠᠷᠤᠭ᠎ᠠ ᠪᠤᠤ ᠴᠢᠩ ᠱᠠᠨ ᠬᠤᠰᠢᠭᠤ ᠲᠠᠷᠤᠭ᠎ᠠ ᠶᠢ ᠬᠠᠪᠰᠤᠷᠤᠨ ᠬᠥᠭᠵᠢᠭᠦᠯᠦᠯᠲᠡ ᠪᠠ ᠥᠭᠡᠷᠡᠴᠢᠯᠡᠯᠲᠡ᠂  ᠦᠢᠯᠡᠴᠢᠯᠡᠭᠡᠨ ᠤ ᠦᠢᠯᠡᠰ᠂ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠠᠵᠤ ᠦᠢᠯᠡᠳᠪᠦᠷᠢ ᠶᠢᠨ ᠠᠵᠤ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ᠂ ᠲᠤᠭ᠎ᠠ ᠪᠦᠷᠢᠳᠬᠡᠯ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠯᠪᠠᠨ ᠭᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠤᠬᠢᠶᠠᠨ ᠪᠠᠶᠢᠭᠤᠯᠤᠯᠳᠠ ᠶᠢ ᠬᠤᠪᠢᠳᠠᠨ ᠬᠠᠮᠢᠶᠠᠷᠬᠤ ᠶᠢᠨ ᠬᠠᠮᠳᠤ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃    ᠬᠠᠷᠢᠯᠴᠠᠬᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠤᠪᠴᠢᠶᠠᠨ ᠤ ᠲᠠᠶᠢᠹᠦᠰᠧ ᠳᠠᠬᠢ ᠬᠤᠪᠢᠶᠠᠷᠢ ᠲᠣᠪᠴᠢᠶ᠎ᠠ᠂ ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠲᠠᠶᠢᠹᠤᠰᠧ ᠳᠠᠬᠢ ᠪᠠᠶᠢᠴᠠᠭᠠᠯᠲᠠ ᠶᠢᠨ ᠠᠩᠭᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠨᠠᠪᠴᠢᠨ ᠲᠡᠮᠡᠬᠢᠨ ᠤ ᠬᠠᠮᠢᠶᠠᠷᠤᠯᠳᠠ ᠶᠢᠨ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠳᠠᠪᠤᠰᠤᠨ ᠤ ᠦᠢᠯᠡᠰ ᠤᠨ ᠺᠣᠮᠫᠠᠨᠢ᠂  ᠨᠡᠬᠦᠳᠡᠯ ᠬᠤᠯᠪᠣᠭᠠᠨ ᠤ ᠺᠣᠮᠫᠠᠨᠢ᠂  ᠨᠢᠬᠡᠳᠦᠮᠡᠯ ᠬᠤᠯᠪᠤᠭᠠᠨ ᠤ ᠺᠤᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠷᠠᠳᠢᠣ᠋ ᠲᠧᠯᠸᠢᠰ ᠮᠡᠳᠡᠭᠡ ᠵᠠᠩᠭᠢ ᠲᠤᠤᠷ ᠰᠦᠯᠵᠢᠶᠡᠨ ᠤ ᠺᠣᠮᠫᠠᠨᠢ᠂ ᠲᠡᠮᠦᠷ ᠰᠤᠪᠤᠷᠭ᠎ᠠ ᠺᠣᠮᠫᠠᠨᠢ ᠃     ᠳᠡᠳ᠋ ᠬᠤᠰᠢᠭᠤ ᠳᠠᠷᠤᠭ᠎ᠠ  ᠳ᠋ᠢᠩ ᡁᠢ ᠴᠢᠶᠠᠩ ᠬᠤᠰᠢᠭᠤ ᠳᠠᠷᠤᠭ᠎ᠠ ᠶᠢ ᠬᠠᠪᠰᠤᠷᠤᠨ ᠠᠮᠤᠷ ᠲᠣᠭᠲᠠᠭᠤᠨ ᠢ ᠬᠠᠮᠠᠭᠠᠯᠠᠬᠤ᠂  ᠬᠠᠤᠯᠢᠵᠢᠭᠰᠠᠨ ᠵᠰᠠᠭ ᠤᠨ ᠤᠷᠳᠤᠨ ᠤ ᠪᠠᠶᠢᠭᠤᠯᠤᠯᠳᠠ ᠵᠢᠴᠢ ᠲᠤᠳᠤᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂  ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠬᠤ ᠶᠢᠨ ᠬᠠᠮᠳᠤ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃     ᠬᠠᠷᠢᠯᠴᠠᠬᠤ ᠨᠢᠭᠡᠴᠡ᠄ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠃     ᠳᠡᠳ᠋ ᠬᠤᠰᠢᠭᠤ ᠳᠠᠷᠤᠭ᠎ᠠ ᠵᠠᠩ ᠶᠦᠩ ᠯᠢ ᠬᠤᠰᠢᠭᠤ ᠳᠠᠷᠤᠭ᠎ᠠ ᠶᠢ ᠬᠠᠪᠰᠤᠷᠤᠨ ᠦᠨᠳᠦᠰᠦᠲᠡᠨ ᠤ ᠬᠡᠷᠡᠭ ᠶᠠᠪᠤᠳᠠᠯ᠂ ᠠᠷᠠᠳ ᠤᠨ ᠶᠠᠪᠤᠳᠠᠯ᠂ ᠰᠤᠷᠭᠠᠨ ᠬᠦᠮᠦᠵᠢᠯ᠂ ᠭᠠᠳᠠᠭᠠᠳᠤ ᠶᠠᠪᠤᠳᠠᠯ᠂ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠶᠢ  ᠬᠤᠪᠢᠳᠠᠨ ᠬᠠᠮᠢᠶᠠᠷᠬᠤ  ᠎ ᠶᠢᠨ ᠬᠠᠮᠳᠤ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃     ᠬᠠᠷᠢᠯᠴᠠᠬᠤ ᠨᠢᠭᠡᠴᠡ᠄ ᠬᠠᠮ ᠵᠠᠭᠤᠴᠢᠯᠠᠭᠤᠷ ᠤᠨ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠢᠦᠳᠠᠨ ᠤ ᠬᠤᠪᠢᠶᠠᠷᠢ ᠺᠣᠮᠫᠠᠨᠢ᠂ ᠰᠢᠨᠬᠤᠸᠠ ᠨᠣᠮ ᠤᠨ ᠰᠠᠩ᠃                                                                                                ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                                         2025 ᠤᠨ ᠤ 1 ᠰᠠᠷ᠎ᠠ ᠶᠢᠨ 9᠎ ᠤ ᠡᠳᠦᠷ
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号