ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ᠂ ᠲᠠᠶᠢᠹᠤᠰᠧ ᠳᠤ | ᠰᠠᠭᠤᠭ᠎ᠠ ᠡᠯ᠎ᠡ ᠨᠢᠭᠡᠴᠡ ᠳᠤ᠄ | ᠠᠵᠢᠯ ᠤᠨ ᠬᠡᠷᠡᠭᠴᠡᠭᠡ ᠪᠠ ᠠᠵᠢᠯᠲᠠᠨ ᠤ ᠶᠠᠪᠤᠳᠠᠯ ᠤᠨ ᠬᠤᠪᠢᠷᠠᠯᠲᠠ ᠶᠢ ᠦᠨᠳᠦᠰᠦᠯᠡᠵᠦ᠂ ᠬᠤᠰᠢᠭᠤ | ᠵᠠᠰᠠᠭ ᠤᠨ ᠣᠷᠳᠣᠨ ᠠᠴᠠ ᠶᠠᠷᠢᠯᠴᠠᠨ ᠰᠤᠳᠤᠯᠬᠤ ᠪᠠᠷ ᠲᠠᠮᠵᠢᠭᠠᠳ᠂ ᠬᠤᠰᠢᠭᠤ ᠲᠠᠷᠤᠭ᠎ᠠ᠂ ᠳᠡᠳ᠋ ᠬᠤᠰᠢᠭᠤ | ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠳᠤ ᠲᠤᠬᠢᠷᠠᠭᠤᠯᠤᠯᠳᠠ ᠬᠢᠭᠰᠡᠨ ᠪᠠᠶᠢᠨ᠎ᠠ᠂ ᠡᠳᠦᠭᠡ ᠠᠵᠢᠯ | ᠬᠤᠪᠢᠶᠠᠷᠢᠯᠠᠭᠰᠠᠨ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄ | ᠬᠤᠰᠢᠭᠤ ᠲᠠᠷᠤᠭ᠎ᠠ ᠴᠧᠨ ᠶᠠᠨ ᠪᠤᠤ ᠬᠤᠰᠢᠭᠤ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ | ᠬᠠᠷᠢᠭᠤᠴᠠᠵᠤ᠂ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠯᠢ ᠳ᠋ᠦᠩ ᠯᠢᠨ | ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠰᠢᠭᠤ ᠳᠠᠷᠤᠭ᠎ᠠ ᠶᠢ ᠬᠠᠪᠰᠤᠷᠤᠨ | ᠶᠡᠷᠦᠩᠬᠡᠶᠢᠯᠡᠭᠰᠡᠨ ᠠᠵᠤ ᠠᠬᠤᠶ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠪᠠᠶᠢᠭᠠᠯᠢ ᠶᠢᠨ ᠡᠬᠢ | ᠪᠠᠶᠠᠯᠢᠭ ᠤᠨ ᠬᠠᠮᠢᠶᠠᠷᠤᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠪᠠᠯᠭᠠᠰᠤᠨ ᠤ | ᠬᠠᠮᠢᠶᠠᠷᠤᠯᠲᠠ᠂ ᠰᠣᠶᠣᠯ ᠵᠢᠭᠤᠯᠴᠢᠯᠠᠯ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ | ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ | ᠲᠦᠩ ᠵᠢᠶ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ | ᠪᠥᠸᠧ ᠷᠦᠢ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠬᠢᠭᠡᠳ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠠᠢ ᠴᠧᠩ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠬᠤ ᠶᠢᠨ ᠬᠠᠮᠳᠤ ᠬᠤᠰᠢᠭᠤ ᠳᠠᠷᠤᠭ᠎ᠠ ᠶᠢᠨ ᠲᠤᠰᠢᠶᠠᠭᠰᠠᠨ | ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃ | ᠬᠠᠷᠢᠯᠴᠠᠬᠤ ᠨᠢᠭᠡᠴᠡ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ | ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠬᠠᠮᠢᠶᠠᠷᠤᠯᠲᠠ ᠶᠢᠨ ᠲᠥᠪ᠂ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠤᠪᠴᠢᠶᠠᠨ ᠤ ᠲᠠᠶᠢᠹᠤᠰᠧ ᠳᠠᠬᠢ ᠰᠠᠯᠪᠤᠷᠢ | ᠲᠣᠪᠴᠢᠶ᠎ᠠ᠂ ᠠᠵᠤ ᠦᠢᠯᠡᠳᠪᠦᠷᠢ ᠶᠢᠨ ᠪᠠᠩᠬᠢ᠂ ᠲᠠᠷᠢᠶᠠᠯᠠᠩ ᠤᠨ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ | ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠬᠦᠳᠡᠭᠡ | ᠲᠤᠰᠬᠤᠨ ᠤ ᠬᠤᠳᠠᠯᠳᠤᠭᠠᠨ ᠤ ᠪᠠᠩᠬᠢ᠂ ᠰᠢᠤᠳᠠᠨ ᠪᠠᠩᠬᠢ᠂ ᠥᠪᠥᠷ ᠮᠣᠩᠭᠤᠯ ᠪᠠᠩᠬᠢ᠂ ᠲᠤᠰᠬᠤᠨ ᠪᠠᠯᠭᠠᠰᠤᠨ | ᠤ ᠪᠠᠩᠬᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠡᠳ᠋ ᠬᠦᠷᠦᠩᠭᠡ ᠶᠢᠨ ᠳᠠᠭᠠᠳᠬᠠᠯ ᠤᠨ ᠺᠣᠮᠫᠠᠨᠢ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠰᠦᠨ ᠶᠠᠨ ᠬᠤᠰᠢᠭᠤ | ᠲᠠᠷᠤᠭ᠎ᠠ ᠶᠢ ᠬᠠᠪᠰᠤᠷᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠬᠠᠮᠢᠶ᠎ᠠ ᠪᠥᠬᠦᠶ ᠠᠵᠢᠯ ᠢ ᠬᠠᠷᠢᠭᠤᠴᠠᠵᠤ᠂ | ᠭᠤᠤᠯᠳᠠᠭᠤ ᠳᠡᠳ᠋ ᠬᠤᠰᠢᠭᠤ ᠳᠠᠷᠤᠭ᠎ᠠ ᠯᠢ ᠵᠠᠨ ᠪᠤᠤ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ | ᠴᠠᠷᠠᠭ᠎ᠠ ᠯᠤᠭ᠎ᠠ ᠬᠠᠷᠢᠯᠴᠠᠬᠤ ᠶᠢᠨ ᠬᠠᠮᠳᠤ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ | ᠪᠡᠶᠡᠯᠡᠭᠦᠯᠦᠨ᠎ᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠹᠠᠨ ᠬᠤᠸᠠ ᠮᠢᠨ | ᠬᠤᠰᠢᠭᠤ ᠲᠠᠷᠤᠭ᠎ᠠ ᠶᠢ ᠬᠠᠪᠰᠤᠷᠤᠨ ᠬᠤᠳᠠᠯᠳᠤᠭᠠᠨ ᠤ ᠶᠠᠪᠤᠳᠠᠯ᠂ ᠬᠠᠩᠭᠠᠨ ᠪᠤᠷᠤᠯᠠᠭᠤᠯᠭ᠎ᠠ᠂ ᠪᠡᠭᠡᠵᠢᠩ ᠥᠪᠥᠷ | ᠮᠣᠩᠭᠤᠯ ᠤᠨ ᠬᠠᠮᠳᠤᠷᠠᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ | ᠬᠠᠷᠢᠭᠤᠴᠠᠵᠤ᠂ ᠬᠠᠩᠭᠠᠨ ᠪᠣᠷᠣᠯᠠᠭᠤᠯᠬᠤ ᠬᠤᠷᠰᠢᠶ᠎ᠠ᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠪ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠤᠪᠢᠳᠠᠨ | ᠬᠠᠮᠢᠶᠠᠷᠬᠤ ᠶᠢᠨ ᠬᠠᠮᠳᠤ᠂ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃ | | ᠳᠡᠳ᠋ ᠬᠤᠰᠢᠭᠤ ᠳᠠᠷᠤᠭ᠎ᠠ ᠯᠢ ᠵᠠᠨ ᠪᠦᠦ ᠬᠤᠰᠢᠭᠤ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠶ | ᠣᠶ ᠰᠢᠭᠤᠶ ᠤᠰᠤᠨ ᠠᠰᠢᠭᠯᠠᠯᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠭᠠᠯ ᠰᠡᠷᠭᠡᠶᠢᠯᠡᠯᠳᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ | ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ ᠶᠢ ᠬᠤᠪᠢᠳᠠᠨ ᠬᠠᠮᠢᠶᠠᠷᠴᠤ᠂ ᠬᠢᠨᠠᠨ ᠪᠤᠳᠤᠬᠤ ᠲᠣᠪᠴᠢᠶ᠎ᠠ ᠶᠢ ᠬᠠᠮᠵᠢᠨ ᠬᠠᠮᠢᠶᠠᠷᠬᠤ ᠶᠢᠨ ᠬᠠᠮᠳᠤ | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃ | ᠬᠠᠷᠢᠯᠴᠠᠬᠤ ᠨᠢᠭᠡᠴᠡ᠄ ᠴᠠᠭ ᠠᠭᠤᠷ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠰᠢᠨᠵᠢᠯᠡᠭᠡ | ᠮᠡᠷᠭᠡᠵᠢᠯ ᠤᠨ ᠨᠡᠶᠢᠭᠡᠮᠯᠢᠭ᠂ ᠲᠠᠷᠢᠶᠠᠴᠢᠨ ᠡᠷᠦᠬᠡ ᠶᠢᠨ ᠪᠡᠶ᠎ᠡ ᠪᠠᠨ ᠳᠠᠭᠠᠭᠠᠭᠰᠠᠨ ᠦᠢᠯᠡᠴᠢᠯᠡᠭᠡᠨ ᠤ ᠬᠤᠷᠰᠢᠶ᠎ᠠ᠃ | ᠳᠡᠳ᠋ ᠬᠤᠰᠢᠭᠤ ᠳᠠᠷᠤᠭ᠎ᠠ ᠤᠶᠤᠨᠴᠡᠴᠡᠭ ᠬᠤᠰᠢᠭᠤ ᠲᠠᠷᠤᠭ᠎ᠠ ᠶᠢ ᠬᠠᠪᠰᠤᠷᠤᠨ ᠡᠷᠡᠭᠦᠯ ᠬᠠᠮᠠᠭᠠᠯᠠᠯ ᠡᠷᠡᠭᠦᠯ | ᠮᠡᠨᠳᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ᠂ ᠡᠮᠴᠢᠯᠡᠭᠡᠨ ᠤ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠣᠯᠠᠨ ᠨᠡᠶᠢᠲᠡ ᠶᠢᠨ ᠡᠬᠢ | ᠪᠠᠶᠠᠯᠢᠭ ᠤᠨ ᠰᠤᠯᠢᠯᠴᠠᠭ᠎ᠠ᠂ ᠲᠣᠮᠣ ᠳ᠋ᠠᠶᠢᠲ᠋ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ | ᠵᠥᠪᠯᠡᠯ ᠤᠨ ᠠᠯᠪᠠᠨ ᠬᠡᠷ︶᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠥᠪ ᠢ ᠬᠤᠪᠢᠳᠠᠨ ᠬᠠᠮᠢᠶᠠᠷᠬᠤ ᠶᠢᠨ ᠬᠠᠮᠳᠤ ᠬᠤᠰᠢᠭᠤ | ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃ | ᠬᠠᠷᠢᠯᠴᠠᠬᠤ ᠨᠢᠭᠡᠴᠡ᠄ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃ | ᠳᠡᠳ᠋ ᠬᠤᠰᠢᠭᠤ ᠳᠠᠷᠤᠭ᠎ᠠ ᠪᠤᠤ ᠴᠢᠩ ᠱᠠᠨ ᠬᠤᠰᠢᠭᠤ ᠲᠠᠷᠤᠭ᠎ᠠ ᠶᠢ ᠬᠠᠪᠰᠤᠷᠤᠨ ᠬᠥᠭᠵᠢᠭᠦᠯᠦᠯᠲᠡ ᠪᠠ | ᠥᠭᠡᠷᠡᠴᠢᠯᠡᠯᠲᠡ᠂ ᠦᠢᠯᠡᠴᠢᠯᠡᠭᠡᠨ ᠤ ᠦᠢᠯᠡᠰ᠂ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠠᠵᠤ | ᠦᠢᠯᠡᠳᠪᠦᠷᠢ ᠶᠢᠨ ᠠᠵᠤ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ᠂ ᠲᠤᠭ᠎ᠠ ᠪᠦᠷᠢᠳᠬᠡᠯ᠂ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠠᠯᠪᠠᠨ ᠭᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠦᠷᠢᠶᠡᠯᠡᠩ | ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠤᠬᠢᠶᠠᠨ | ᠪᠠᠶᠢᠭᠤᠯᠤᠯᠳᠠ ᠶᠢ ᠬᠤᠪᠢᠳᠠᠨ ᠬᠠᠮᠢᠶᠠᠷᠬᠤ ᠶᠢᠨ ᠬᠠᠮᠳᠤ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ | ᠡᠬᠦᠷᠭᠡ ᠶᠢ ᠪᠡᠶᠡᠯᠡᠭᠦᠯᠦᠨ᠎ᠡ᠃ | ᠬᠠᠷᠢᠯᠴᠠᠬᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠤᠪᠴᠢᠶᠠᠨ ᠤ | ᠲᠠᠶᠢᠹᠦᠰᠧ ᠳᠠᠬᠢ ᠬᠤᠪᠢᠶᠠᠷᠢ ᠲᠣᠪᠴᠢᠶ᠎ᠠ᠂ ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠲᠠᠶᠢᠹᠤᠰᠧ ᠳᠠᠬᠢ | ᠪᠠᠶᠢᠴᠠᠭᠠᠯᠲᠠ ᠶᠢᠨ ᠠᠩᠭᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ | ᠺᠣᠮᠫᠠᠨᠢ᠂ ᠨᠠᠪᠴᠢᠨ ᠲᠡᠮᠡᠬᠢᠨ ᠤ ᠬᠠᠮᠢᠶᠠᠷᠤᠯᠳᠠ ᠶᠢᠨ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠳᠠᠪᠤᠰᠤᠨ ᠤ | ᠦᠢᠯᠡᠰ ᠤᠨ ᠺᠣᠮᠫᠠᠨᠢ᠂ ᠨᠡᠬᠦᠳᠡᠯ ᠬᠤᠯᠪᠣᠭᠠᠨ ᠤ ᠺᠣᠮᠫᠠᠨᠢ᠂ ᠨᠢᠬᠡᠳᠦᠮᠡᠯ ᠬᠤᠯᠪᠤᠭᠠᠨ ᠤ ᠺᠤᠮᠫᠠᠨᠢ᠂ ᠴᠠᠬᠢᠯᠭᠠᠨ | ᠬᠤᠯᠪᠣᠭᠠᠨ ᠤ ᠺᠣᠮᠫᠠᠨᠢ᠂ ᠷᠠᠳᠢᠣ᠋ ᠲᠧᠯᠸᠢᠰ ᠮᠡᠳᠡᠭᠡ ᠵᠠᠩᠭᠢ ᠲᠤᠤᠷ ᠰᠦᠯᠵᠢᠶᠡᠨ ᠤ ᠺᠣᠮᠫᠠᠨᠢ᠂ ᠲᠡᠮᠦᠷ ᠰᠤᠪᠤᠷᠭ᠎ᠠ | ᠺᠣᠮᠫᠠᠨᠢ ᠃ | ᠳᠡᠳ᠋ ᠬᠤᠰᠢᠭᠤ ᠳᠠᠷᠤᠭ᠎ᠠ ᠳ᠋ᠢᠩ ᡁᠢ ᠴᠢᠶᠠᠩ ᠬᠤᠰᠢᠭᠤ ᠳᠠᠷᠤᠭ᠎ᠠ ᠶᠢ ᠬᠠᠪᠰᠤᠷᠤᠨ ᠠᠮᠤᠷ ᠲᠣᠭᠲᠠᠭᠤᠨ ᠢ | ᠬᠠᠮᠠᠭᠠᠯᠠᠬᠤ᠂ ᠬᠠᠤᠯᠢᠵᠢᠭᠰᠠᠨ ᠵᠰᠠᠭ ᠤᠨ ᠤᠷᠳᠤᠨ ᠤ ᠪᠠᠶᠢᠭᠤᠯᠤᠯᠳᠠ ᠵᠢᠴᠢ ᠲᠤᠳᠤᠭᠠᠳᠤ ᠶᠢ ᠬᠠᠮᠠᠭᠠᠯᠠᠬᠤ᠂ | ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ | ᠬᠤᠪᠢᠳᠠᠨ ᠬᠠᠮᠢᠶᠠᠷᠬᠤ ᠶᠢᠨ ᠬᠠᠮᠳᠤ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ | ᠪᠡᠶᠡᠯᠡᠭᠦᠯᠦᠨ᠎ᠡ᠃ | ᠬᠠᠷᠢᠯᠴᠠᠬᠤ ᠨᠢᠭᠡᠴᠡ᠄ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠃ | | ᠳᠡᠳ᠋ ᠬᠤᠰᠢᠭᠤ ᠳᠠᠷᠤᠭ᠎ᠠ ᠵᠠᠩ ᠶᠦᠩ ᠯᠢ ᠬᠤᠰᠢᠭᠤ ᠳᠠᠷᠤᠭ᠎ᠠ ᠶᠢ ᠬᠠᠪᠰᠤᠷᠤᠨ ᠦᠨᠳᠦᠰᠦᠲᠡᠨ ᠤ ᠬᠡᠷᠡᠭ | ᠶᠠᠪᠤᠳᠠᠯ᠂ ᠠᠷᠠᠳ ᠤᠨ ᠶᠠᠪᠤᠳᠠᠯ᠂ ᠰᠤᠷᠭᠠᠨ ᠬᠦᠮᠦᠵᠢᠯ᠂ ᠭᠠᠳᠠᠭᠠᠳᠤ ᠶᠠᠪᠤᠳᠠᠯ᠂ ᠵᠠᠮ ᠬᠠᠷᠢᠯᠴᠠᠭ᠎ᠠ ᠲᠡᠭᠡᠭᠡᠪᠦᠷᠢ | ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ | ᠪᠢᠴᠢᠭ ᠤᠨ ᠠᠵᠢᠯ ᠤᠨ ᠵᠥᠪᠯᠡᠯ︶᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ | ᠂ ᠵᠠᠮ ᠬᠠᠷᠢᠯᠴᠠᠭᠠᠨ ᠤ ᠲᠣᠪᠴᠢᠶ᠎ᠠ ᠶᠢ ᠬᠤᠪᠢᠳᠠᠨ ᠬᠠᠮᠢᠶᠠᠷᠬᠤ ᠶᠢᠨ ᠬᠠᠮᠳᠤ ᠬᠤᠰᠢᠭᠤ ᠳᠠᠷᠤᠭ᠎ᠠ ᠶᠢᠨ | ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃ | ᠬᠠᠷᠢᠯᠴᠠᠬᠤ ᠨᠢᠭᠡᠴᠡ᠄ ᠬᠠᠮ ᠵᠠᠭᠤᠴᠢᠯᠠᠭᠤᠷ ᠤᠨ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ | ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ | ᠰᠢᠦᠳᠠᠨ ᠤ ᠬᠤᠪᠢᠶᠠᠷᠢ ᠺᠣᠮᠫᠠᠨᠢ᠂ ᠰᠢᠨᠬᠤᠸᠠ ᠨᠣᠮ ᠤᠨ ᠰᠠᠩ᠃ | | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠤᠨ ᠤ 1 ᠰᠠᠷ᠎ᠠ ᠶᠢᠨ 9 ᠤ ᠡᠳᠦᠷ |