ᠾᠧ ᠳ᠋ᠢᠩ᠂ ᠡᠷᠡᠭᠲᠡᠶ᠂ ᠮᠣᠩᠭᠤᠯ ᠦᠨᠳᠦᠰᠦᠲᠡᠨ᠂ 1988 ᠣᠨ ᠤ 3 ᠰᠠᠷ᠎ᠠ ᠳᠤ ᠳᠦᠷᠦᠵᠡᠶ᠂ ᠶᠡᠭᠡ | ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠪᠠᠴᠧᠯᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠲᠠᠶᠢᠹᠤᠰᠧ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠵᠢᠱᠢᠭᠳᠡᠭᠴᠢ᠃ | ᠬᠤᠰᠢᠭᠤ ᠳᠠᠷᠤᠭ᠎ᠠ ᠶᠢ ᠬᠠᠪᠰᠤᠷᠤᠨ ᠦᠨᠳᠦᠰᠦᠲᠡᠨ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ | ᠭᠠᠳᠠᠭᠠᠳᠤ ᠶᠠᠪᠤᠳᠠᠯ᠂ ᠵᠠᠮ ᠬᠠᠷᠢᠯᠴᠠᠭ᠎ᠠ ᠲᠡᠭᠡᠭᠡᠪᠦᠷᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠵᠡᠷᠭᠡ | ᠲᠠᠯ᠎ᠠ ᠶᠢᠨ ᠠᠵᠢᠯ ᠢ ᠬᠠᠷᠢᠭᠤᠴᠠᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ | ᠠᠵᠢᠯ ᠤᠨ ᠵᠥᠪᠯᠡᠯ︶᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠣᠶᠣᠯ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ︶ ᠢ | ᠬᠤᠪᠢᠳᠠᠨ ᠬᠠᠮᠢᠶᠠᠷᠬᠤ ᠶᠢᠨ ᠬᠠᠮᠳᠤ᠂ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ | ᠪᠡᠶᠡᠯᠡᠭᠦᠯᠦᠨ᠎ᠡ᠃ | ᠬᠠᠷᠢᠯᠴᠠᠬᠤ ᠨᠢᠭᠡᠴᠡ᠄ ᠬᠠᠮ ᠵᠠᠭᠤᠴᠢᠯᠠᠭᠤᠷ ᠤᠨ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ | ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠢᠤᠳᠠᠨ ᠤ ᠬᠤᠪᠢᠶᠠᠷᠢ ᠺᠣᠮᠫᠠᠨᠢ᠂ ᠰᠢᠨᠬᠤᠸᠠ ᠨᠣᠮ ᠤᠨ | ᠰᠠᠩ᠃ |