ᠤᠢ ᠰᠢᠭᠤᠢ ᠨᠤᠳᠤᠭ ᠪᠡᠯᠴᠢᠭᠡᠷ ᠢ ᠡᠪᠳᠡᠬᠦ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2025/4/11
ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠨᠠᠶᠢᠵᠠ ᠨᠠᠷ ᠲᠤ᠄   ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠤᠨ ᠡᠷᠴᠢᠮ ᠢ ᠤᠯᠠᠮ ᠴᠢᠩᠭᠠᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠦᠨ᠂ ᠣᠶ ᠰᠢᠭᠤᠶ ᠨᠤᠳᠤᠭ ᠪᠡᠯᠴᠢᠭᠡᠷ ᠢ ᠡᠪᠳᠡᠬᠦ᠂ ᠳᠤᠷ᠎ᠠ ᠪᠠᠷ ᠢᠶᠠᠨ ᠠᠲᠠᠷ ᠬᠠᠭᠠᠯᠪᠤᠷᠢᠯᠠᠬᠤ ᠵᠡᠷᠭᠡ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ︽ᠲᠠᠶᠢᠹᠤᠰᠧ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠢ ᠰᠦᠢᠳᠭᠡᠬᠦ ᠡᠪᠳᠡᠬᠦ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠬᠦ ᠠᠵᠢᠯ ᠤᠨ ᠬᠡᠷᠡᠭᠵᠢᠭᠦᠯᠬᠦ ᠲᠦᠰᠦᠪ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠳᠠᠢ ᠪᠠᠶᠢᠯᠭᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ︾ ᠵᠡᠷᠭᠡ ᠬᠤᠯᠪᠣᠭᠳᠠᠯ ᠪᠥᠬᠦᠶ ᠬᠠᠤᠯᠢ ᠲᠦᠷᠢᠮ ᠢ ᠦᠨᠳᠦᠰᠦᠯᠡᠨ᠂ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠨ ᠮᠡᠳᠡᠭᠳᠡᠵᠦ ᠪᠠᠶᠢᠨ᠎ᠠ᠄    ᠨᠢᠭᠡ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭ᠎ᠠ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠪᠡᠯᠴᠢᠭᠡᠷᠯᠡᠬᠦᠯᠦᠨ ᠮᠠᠯᠵᠢᠬᠤ᠂  ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ  ᠮᠠᠯᠵᠢᠬᠤ ᠶᠢ ᠡᠷᠡᠰ ᠴᠠᠭᠠᠵᠠᠯᠠᠨ᠎ᠠ  ᠃ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭ᠎ᠠ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ︵ᠣᠶ ᠰᠢᠭᠤᠶ ᠨᠤᠳᠤᠭ ᠪᠡᠯᠴᠢᠭᠡᠷ ᠤᠨ ᠠᠮᠢ ᠠᠬᠤᠶ ᠶᠢᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠢ ᠪᠠᠭᠲᠠᠭᠠᠨ᠎ᠠ︶᠎ ᠳᠤ ᠪᠡᠯᠴᠢᠭᠡᠷᠯᠡᠬᠦᠯᠦᠨ ᠮᠠᠯᠵᠢᠵᠤ ᠪᠤᠯᠬᠤ ᠦᠬᠡᠢ᠂  ᠪᠠᠶᠢᠭᠠᠯᠢᠯᠢᠭ ᠨᠤᠲᠤᠭ ᠪᠡᠯᠴᠢᠭᠡᠷ ᠲᠤ ᠪᠡᠯᠴᠢᠭᠡᠷᠯᠡᠬᠦᠯᠦᠨ ᠮᠠᠯᠵᠢᠬᠤ ᠎ ᠳᠤ ᠮᠠᠨ ᠤ ᠬᠤᠰᠢᠭᠤᠨ ᠤ ᠨᠡᠶᠢᠲᠡᠯᠡᠭᠰᠡᠨ ᠲᠣᠬᠢᠷᠠᠮᠵᠢᠲᠠᠶ ᠪᠡᠯᠴᠢᠭᠡᠷ ᠤᠨ ᠲᠠᠭᠠᠭᠠᠴᠠ ᠶᠢ ᠴᠢᠩᠭ᠎ᠠ ᠵᠢᠷᠤᠮᠯᠠᠬᠤ ᠭᠡᠷᠡᠭᠳᠡᠢ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠴᠢᠩᠭ᠎ᠠ ᠴᠠᠭᠠᠵᠠᠯᠠᠨ᠎ᠠ᠃    ᠬᠤᠶᠠᠷ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠪᠤᠰᠤ ᠪᠠᠷ ᠡᠪᠳᠡᠵᠦ ᠰᠦᠢᠳᠭᠡᠬᠦ ᠶᠢ ᠡᠷᠡᠰ ᠴᠠᠭᠠᠵᠠᠯᠠᠨ᠎ᠠ᠃  ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠂ ᠨᠤᠲᠤᠭ ᠪᠡᠯᠴᠢᠭᠡᠷ ᠳᠡᠭᠡᠷ᠎ᠡ ᠴᠢᠯᠠᠭᠤ ᠰᠢᠷᠣᠶ ᠮᠠᠯᠲᠠᠬᠤ ᠵᠡᠷᠭᠡ ᠨᠤᠲᠤᠭ ᠪᠡᠯᠴᠢᠭᠡᠷ ᠢ ᠡᠪᠳᠡᠵᠦ ᠰᠦᠢᠳᠭᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠭᠡᠷᠡᠭᠯᠡᠵᠦ᠂ ᠨᠤᠲᠤᠭ ᠪᠡᠯᠴᠢᠭᠡᠷ ᠤᠨ ᠭᠡᠷᠡᠭᠯᠡᠭᠡ ᠶᠢ ᠬᠤᠪᠢᠷᠠᠭᠤᠯᠤᠭᠰᠠᠨ ᠲᠠᠯᠠᠪᠠᠢ ᠨᠢ 20 ᠮᠦ ᠠᠴᠠ ᠭᠡᠳᠦᠷᠡᠪᠡᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠭᠤᠷᠪᠠ᠂ ᠣᠶ ᠮᠣᠳᠣᠨ ᠤ ᠡᠬᠢ ᠪᠠᠶᠠᠯᠢᠭ ᠢ ᠬᠠᠤᠯᠢ ᠪᠤᠰᠤ ᠪᠠᠷ ᠡᠪᠳᠡᠵᠦ ᠰᠦᠢᠳᠭᠡᠬᠦ ᠶᠢ ᠡᠷᠡᠰ ᠴᠠᠭᠠᠵᠠᠯᠠᠨ᠎ᠠ ᠶᠠᠮᠠᠷᠪᠠ ᠬᠡᠯᠪᠡᠷᠢ ᠪᠠᠷ ᠣᠶ ᠮᠣᠳᠣ ᠶᠢ ᠳᠤᠷ᠎ᠠ ᠪᠠᠷ ᠢᠶᠠᠨ ᠤᠭᠳᠤᠯᠵᠤ᠂ ᠣᠶ ᠮᠣᠳᠣᠨ ᠤ ᠭᠠᠵᠠᠷ ᠢ ᠬᠠᠭᠠᠯᠪᠤᠷᠢᠯᠠᠵᠤ᠂ ᠣᠶ ᠮᠣᠳᠣᠨ ᠤ ᠭᠠᠵᠠᠷ ᠤᠨ ᠭᠡᠷᠡᠭᠯᠡᠭᠡ ᠶᠢ ᠬᠤᠪᠢᠷᠠᠭᠤᠯᠵᠤ ᠪᠤᠯᠬᠤ ᠦᠬᠡᠢ᠃ ︽ ᠬᠠᠤᠯᠢ ᠪᠤᠰᠤ ᠪᠠᠷ ᠡᠵᠡᠯᠡᠨ ᠭᠡᠷᠡᠭᠯᠡᠵᠦ ᠡᠪᠳᠡᠨ ᠰᠦᠢᠳᠭᠡᠭᠰᠡᠨ ᠨᠡᠶᠢᠲᠡ ᠶᠢᠨ ᠠᠰᠠᠷᠠᠮᠵᠢ ᠶᠢᠨ ᠣᠶ  ᠮᠤᠳᠤᠨ ᠤ ᠲᠠᠯᠠᠪᠠᠢ ᠨᠢ 5 ᠮᠦ  ᠭᠡᠳᠦᠷᠡᠭᠰᠡᠨ  ︾  ︽ ᠬᠠᠤᠯᠢ ᠪᠤᠰᠤ ᠪᠠᠷ ᠡᠵᠡᠯᠡᠨ ᠭᠡᠷᠡᠭᠯᠡᠵᠦ ᠡᠪᠳᠡᠨ ᠰᠦᠢᠳᠭᠡᠭᠰᠡᠨ ᠲᠠᠸᠠᠷ ᠤᠨ ᠤᠢ ᠮᠤᠳᠤᠨ ᠤ ᠲᠠᠯᠠᠪᠠᠢ ᠨᠢ 10 ᠮᠦ ᠠᠴᠠ ᠭᠡᠳᠦᠷᠡᠭᠰᠡᠨ︾  ᠪᠤᠯ ᠤᠢ ᠮᠤᠳᠤ ᠶᠢ ᠶᠡᠭᠡ ᠬᠡᠮᠵᠢᠶ᠎ᠡ ᠪᠠᠷ ᠡᠪᠳᠡᠭᠰᠡᠨ ᠳᠤ ᠲᠤᠭᠠᠴᠠᠭᠳᠠᠵᠤ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠥᠷᠪᠡ᠂ ᠨᠤᠭᠤ ᠭᠠᠵᠠᠷ ᠤᠨ ᠡᠬᠢ ᠪᠠᠶᠠᠯᠢᠭ ᠢ ᠬᠠᠤᠯᠢ ᠪᠤᠰᠤ ᠪᠠᠷ ᠡᠪᠳᠡᠵᠦ ᠰᠦᠢᠳᠭᠡᠬᠦ ᠶᠢ ᠡᠷᠡᠰ ᠴᠠᠭᠠᠵᠠᠯᠠᠨ᠎ᠠ᠃ ᠶᠠᠮᠠᠷᠪᠠ ᠬᠡᠯᠪᠡᠷᠢ ᠪᠠᠷ ᠨᠤᠭᠤ ᠭᠠᠵᠠᠷ ᠢ ᠬᠠᠭᠠᠯᠪᠤᠷᠢᠯᠠᠬᠤ  ᠂  ᠨᠤᠭᠤ ᠭᠠᠵᠠᠷ ᠲᠤ ᠳᠤᠷ᠎ᠠ ᠪᠠᠷ ᠢᠶᠠᠨ ᠡᠯᠡᠰᠦ ᠰᠢᠷᠤᠢ ᠮᠠᠯᠲᠠᠬᠤ᠂  ᠲᠠᠭᠠᠭᠠᠴᠠ ᠠᠴᠠ ᠬᠡᠲᠦᠷᠡᠲᠡᠯ᠎ᠡ ᠮᠠᠯᠵᠢᠬᠤ᠂ ᠪᠣᠬᠢᠷ ᠤᠰᠤ ᠭᠠᠳᠠᠭᠰᠢᠯᠠᠭᠤᠯᠬᠤ ᠵᠡᠷᠭᠡ ᠨᠤᠭᠤ ᠭᠠᠵᠠᠷ ᠤᠨ ᠠᠮᠢ ᠠᠬᠤᠶ ᠶᠢ ᠡᠪᠳᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃    ᠲᠠᠪᠤ᠂ ᠣᠶ ᠰᠢᠭᠤᠶ ᠨᠤᠳᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠬᠦᠨ᠎ᠡ᠃ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠭᠡᠳ᠂ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠪᠠᠶᠢᠴᠠᠭᠠᠬᠤ  ᠬᠤᠷᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ  ᠪᠤᠯᠤᠨ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ  ᠣᠶ ᠰᠢᠭᠤᠶ ᠨᠤᠳᠤᠭ ᠪᠡᠯᠴᠢᠭᠡᠷ ᠨᠤᠭᠤ ᠭᠠᠵᠠᠷ ᠤᠨ ᠬᠦᠷᠢᠶ᠎ᠡ ᠴᠠᠷᠠᠭᠠᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂  ᠬᠠᠤᠯᠢ ᠠᠴᠠ ᠲᠡᠷᠰᠯᠡᠨ ᠬᠡᠷᠡᠭ ᠦᠢᠯᠡᠳᠦᠭᠰᠡᠳ ᠢ  ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠵᠦᠷᠢᠴᠡᠨ ᠶᠠᠯ᠎ᠠ ᠬᠢᠭᠰᠡᠳ ᠠᠴᠠ ᠬᠠᠷᠢᠭᠤᠴᠠᠯᠭ᠎ᠠ ᠨᠡᠬᠡᠮᠵᠢᠯᠡᠨ ᠠᠵᠤ ᠠᠬᠤᠶ ᠶᠢᠨ ᠲᠥᠯᠥᠪᠦᠷᠢ ᠠᠪᠬᠤ ᠪᠤᠯᠤᠨ᠎ᠠ᠃    ᠢᠯᠡᠴᠢᠯᠡᠨ ᠮᠡᠳᠡᠭᠦᠯᠬᠦ ᠤᠲᠠᠰᠤ᠄    ᠲᠠᠶᠢᠪᠤᠰᠧ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠄ 0479 - 5222413    ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠄ 0479 - 5223874    ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠄ 0479 - 5222418    ᠬᠦᠨᠪᠤᠯᠠᠭ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 - 5887015    ᠪᠣᠤᠴᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 - 5222227    ᠴᠢᠶᠠᠨ ᠶᠢᠨ ᠭᠸᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 - 2265514    ᠯᠦᠸᠧ ᠲᠦᠸᠧ ᠱᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠄ 0479 - 5855017    ᠬᠤᠩ ᠴᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 - 5823064    ᠶᠦᠩ ᠹᠧᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 - 2265100    ᠰᠢᠩ ᠹᠦ᠋ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 - 589968                                                            ᠲᠠᠶᠢᠹᠤᠰᠧ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ                                 2025 ᠣᠨ ᠤ 4 ᠰᠠᠷ᠎ᠠ ᠶᠢᠨ 11᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号