ᠦᠩᠬᠡᠳᠦ ᠳ᠋ᠧᠩᠯᠤ ᠦᠢᠯᠡᠳᠴᠦ ᠠᠰᠢᠭ ᠤᠷᠤᠯᠭ᠎ᠠ ᠪᠠᠨ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2025/4/14
    ᠳ᠋ᠦ᠋ ᠰᠢᠤᠸᠠᠢ ᠯᠦᠩ  ᠪᠤᠯ ᠲᠠᠶᠢᠹᠤᠰᠧ ᠬᠤᠰᠢᠭᠤᠨ ᠤ  ᠬᠦᠮᠦᠨ᠃  ᠲᠤᠯᠤᠭᠠᠨ ᠨᠠᠰᠤᠨ ᠠᠴᠠ ᠪᠠᠨ ᠡᠪᠦᠭᠡ ᠪᠠᠨ ᠲᠠᠭᠠᠵᠤ  ᠳ᠋ᠧᠩᠯᠤ ᠬᠦᠷᠦᠬᠦ  ᠠᠵᠢᠯ ᠳᠤᠨᠢ ᠬᠠᠮᠵᠢᠯᠴᠠᠵᠤ ᠪᠠᠶᠢᠭᠰᠠᠨ ᠢᠶᠠᠨ ᠠᠷᠪᠠᠨ ᠲᠠᠪᠤᠳᠠᠢ ᠳᠠᠭᠠᠨ ᠰᠤᠷᠤᠯᠭ᠎ᠠ  ᠵᠤᠭᠰᠤᠭᠠᠳ ᠭᠡᠷ ᠲᠡᠭᠡᠨ ᠬᠠᠷᠢᠵᠤ  ᠳ᠋ᠧᠩᠯᠤ ᠬᠦᠷᠦᠬᠦ  ᠮᠡᠷᠭᠡᠵᠢᠯ ᠢ ᠵᠢᠩᠬᠢᠨᠢ ᠪᠠᠷ ᠰᠤᠷᠤᠭᠰᠠᠨ ᠪᠠᠶᠢᠨ᠎ᠠ᠃  ᠲᠠᠶᠢᠹᠤᠰᠧ ᠬᠤᠰᠢᠭᠤᠨ ᠤ ᠳ᠋ᠧᠩᠯᠤ ᠬᠦᠷᠦᠬᠦ ᠮᠡᠷᠭᠡᠵᠢᠯ  ᠤᠷᠬᠢᠭᠳᠠᠮᠠᠷ ᠪᠤᠯᠤᠭᠰᠠᠨ ᠪᠠᠶᠢᠳᠠᠯ ᠢ ᠬᠠᠷᠠᠭᠠᠳ ᠲᠡᠷᠡᠪᠡᠷ  ᠵᠤᠷᠢᠭ ᠰᠢᠭᠤᠳᠴᠤ ᠬᠦᠴᠦ ᠤᠷᠤᠭᠤᠯᠤᠨ᠂ ᠲᠡᠮᠦᠷ ᠤᠳᠠᠰᠤᠨ ᠳ᠋ᠧᠩᠯᠤ ᠬᠦᠷᠦᠬᠦ  ᠮᠡᠷᠭᠡᠵᠢᠯ ᠢᠶᠠᠷ ᠢᠶᠠᠨ ᠦᠢᠯᠡᠰ ᠪᠦᠳᠦᠬᠡᠵᠦ  ᠡᠬᠢᠯᠡᠵᠡᠢ᠃  ᠡᠶᠢᠨᠬᠦ 1997 ᠤᠨ ᠳᠤ  ᠪᠡᠭᠡᠵᠢᠩ ᠳᠤ ᠳ᠋ᠧᠩᠯᠤ   ᠶᠢᠨ ᠦᠢᠯᠡᠳᠪᠦᠷᠢ ᠪᠠᠨ  ᠡᠷᠬᠢᠯᠡᠵᠦ᠂  ᠰᠦᠮ᠎ᠡ ᠶᠢᠨ ᠬᠤᠷᠠᠯ  ᠲᠡᠭᠡᠷ᠎ᠡ ᠳ᠋ᠧᠩᠯᠤ ᠪᠠᠨ ᠪᠤᠷᠤᠯᠠᠭᠤᠯᠤᠨ᠂ ᠠᠰᠢᠭ ᠤᠷᠤᠯᠭ᠎ᠠ ᠡᠬᠦᠳᠬᠦ ᠶᠢᠨ ᠬᠠᠮᠳᠤ ᠡᠨᠡᠬᠦ ᠤᠯᠠᠮᠵᠢᠯᠠᠯᠳᠤ ᠰᠤᠶᠤᠯ  ᠤᠨ ᠪᠦᠳᠦᠭᠡᠭᠳᠡᠬᠦᠨ ᠢ ᠤᠯᠠᠨ ᠳᠤ ᠲᠠᠨᠢᠯᠴᠠᠭᠤᠯᠵᠤ ᠪᠠᠶᠢᠭᠰᠠᠨ ᠢᠶᠠᠨ 2003 ᠤᠨ ᠠᠴᠠ ᠪᠡᠭᠡᠵᠢᠩ ᠤᠨ  ᠰᠠᠭᠤᠭᠠᠯᠢ ᠠᠷᠠᠳ ᠤᠨ ᠵᠦᠪᠯᠡᠯ ᠢᠶᠠᠷ ᠲᠤᠭᠤᠷᠢᠵᠤ᠂ ᠵᠡᠮᠳᠡᠭᠴᠤᠳ ᠲᠤ ᠳ᠋ᠧᠩᠯᠤ ᠬᠢᠬᠦ ᠮᠡᠷᠭᠡᠵᠢᠯ ᠢᠶᠠᠨ ᠤᠯᠠᠮᠵᠢᠯᠠᠨ᠂ ᠲᠡᠳᠡᠨ ᠤ ᠠᠵᠢᠯ ᠤᠯᠵᠤ ᠦᠢᠯᠡᠰ ᠪᠦᠳᠦᠬᠡᠬᠦ ᠳᠤ ᠲᠤᠰᠠ ᠨᠡᠮᠡᠵᠦ ᠶᠠᠪᠤᠵᠠᠢ᠃ ᠤᠳᠤ ᠲᠠᠶᠢᠹᠤᠰᠧ ᠬᠤᠰᠢᠭᠤᠨ ᠤ ᠪᠠᠨ ᠦᠢᠯᠡᠰ ᠪᠦᠳᠦᠭᠡᠭᠰᠡᠨ ᠴᠢᠳᠠᠪᠤᠷᠢᠳᠠᠨ ᠤ ᠡᠩᠨᠡᠬᠡᠨ ᠳᠤ  ᠵᠢᠬᠰᠠᠵᠤ᠂  ᠪᠤᠤᠴᠠᠩ ᠪᠠᠯᠭᠠᠰᠤᠨ ᠳᠤ ᠳ᠋ᠧᠩᠯᠤ ᠶᠢᠨ ᠦᠢᠯᠡᠳᠪᠦᠷᠢ ᠪᠠᠶᠢᠭᠤᠯᠤᠭᠰᠠᠨ ᠪᠦᠬᠡᠳ ᠬᠤᠰᠢᠭᠤ ᠨᠤᠳᠤᠭ ᠤᠨ ᠢᠶᠠᠨ ᠦᠢᠯᠡᠰ ᠪᠦᠳᠦᠬᠡᠬᠦ ᠰᠠᠨᠠᠭ᠎ᠠ ᠲᠠᠢ  ᠬᠦᠮᠦᠰ ᠲᠤ  ᠠᠷᠭ᠎ᠠ ᠮᠡᠷᠭᠡᠵᠢᠯ ᠢᠶᠠᠨ ᠤᠯᠠᠮᠵᠢᠯᠠᠵᠤ ᠪᠠᠶᠢᠨ᠎ᠠ᠃  2013 ᠤᠨ ᠳᠤ ᠤᠨ ᠳᠤ  ᠬᠤᠰᠢᠭᠤᠨ ᠤ ᠲᠡᠰ ᠤᠨ ᠲᠦᠯᠦᠭᠡᠯᠡᠭᠴᠢ ᠴᠢᠨᠠᠷᠳᠠᠢ  ᠦᠪᠯᠡᠨ ᠤᠯᠠᠮᠵᠢᠯᠠᠭᠴᠢ  ᠪᠤᠯᠵᠤ᠂  2015 ᠤᠨ ᠳᠤ ᠠᠶᠢᠮᠠᠭ ᠤᠨ ᠲᠡᠰ ᠤᠨ ᠦᠪᠯᠡᠨ ᠤᠯᠠᠮᠵᠢᠯᠠᠭᠴᠢ ᠪᠤᠯᠪᠠ᠃
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号