ᠰᠤᠷ ᠬᠠᠷᠪᠤᠯᠳᠠ ᠶᠢᠨ ᠰᠢᠭᠰᠢᠭᠡ ᠤᠷᠤᠯᠳᠤᠭᠠᠨ ᠲᠠᠶᠢᠹᠤᠰᠧ ᠬᠤᠰᠢᠭᠤᠨ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2025/4/15
  4 ᠰᠠᠷ᠎ᠠ ᠶᠢᠨ 12᠎ ᠤᠨ ᠡᠳᠦᠷ ᠠᠴᠠ 13᠎ ᠤ ᠡᠳᠦᠷ ᠪᠣᠯᠲᠠᠯ᠎ᠠ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠮᠣᠩᠭᠤᠯ ᠰᠤᠷ ᠬᠠᠷᠪᠤᠯᠲᠠ ︵ᠬᠠᠷᠪᠤᠭ᠎ᠠ᠂ ᠪᠦᠯᠦᠩ︶᠎ ᠶᠢᠨ ᠤᠷᠤᠯᠳᠤᠭᠠᠨ ᠤ ᠰᠢᠯᠢ ᠶᠢᠨ ᠭᠤᠣᠯ ᠠᠶᠢᠮᠠᠭ ᠤᠨ ᠰᠢᠭᠰᠢᠭᠡ ᠤᠷᠤᠯᠳᠤᠭᠠᠨ ᠬᠦᠨᠪᠤᠯᠠᠭ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠵᠤ᠂ ᠰᠢᠯᠢ ᠶᠢᠨ ᠭᠤᠤᠯ ᠠᠶᠢᠮᠠᠭ ᠤᠨ 11 ᠬᠤᠰᠢᠭᠤ ᠰᠢᠶᠠᠨ ᠬᠤᠳᠠ ᠠᠴᠠ ᠢᠷᠡᠭᠰᠡᠨ 116 ᠲᠠᠮᠢᠷᠴᠢᠨ ᠤᠷᠤᠯᠳᠤᠭᠠᠨ ᠳᠤ ᠤᠷᠤᠯᠴᠠᠵᠠᠢ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠲᠠᠶᠢᠹᠤᠰᠧ ᠬᠤᠰᠢᠭᠤᠨ ᠤ ᠳᠡᠳ᠋ ᠬᠤᠰᠢᠭᠤ ᠳᠠᠷᠤᠭ᠎ᠠ ᠶᠢᠨ ᠵᠢᠱᠢᠭᠳᠡᠭᠴᠢ ᠾᠧ ᠳ᠋ᠢᠩ ᠪᠠᠶᠠᠷ ᠤᠨ ᠦᠭᠡ ᠬᠡᠯᠡᠵᠦ᠂ ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠡᠷᠬᠢᠯᠡᠭᠴᠢ ᠬᠠᠢ ᠵᠢᠶᠦ᠋ᠨ ᠤᠷᠤᠯᠳᠤᠭᠠᠨ ᠡᠬᠢᠯᠡᠬᠦ ᠶᠢ ᠵᠠᠷᠯᠠᠪᠠ᠃  ᠡᠨᠡ ᠤᠳᠠᠭᠠᠨ ᠤ ᠤᠷᠤᠯᠳᠤᠭᠠᠨ ᠳᠤ  ᠡᠷᠡᠭᠲᠡᠶ ᠶᠢᠨ 40 ᠮᠧᠲᠷ ᠪᠠ 30 ᠮᠧᠲᠷ ᠤᠨ ᠬᠠᠷᠪᠤᠭ᠎ᠠ᠂  ᠡᠮᠡᠭᠲᠡᠶ ᠶᠢᠨ 30 ᠮᠧᠲᠷ ᠪᠠ 20 ᠮᠧᠲᠷ ᠤᠨ ᠬᠠᠷᠪᠤᠭ᠎ᠠ᠂ ᠡᠷᠡᠭᠲᠡᠶ ᠶᠢᠨ 45 ᠮᠧᠲᠷ ᠪᠠ 30 ᠮᠧᠲᠷ ᠤᠨ ᠪᠦᠯᠦᠩ᠂  ᠡᠮᠡᠭᠲᠡᠶ ᠶᠢᠨ  45 ᠮᠧᠲᠷ ᠪᠠ 30 ᠮᠧᠲᠷ ᠤᠨ ᠪᠦᠯᠦᠩ ᠬᠡᠵᠦ ᠨᠠᠢᠮᠠᠨ ᠲᠦᠷᠦᠯ ᠬᠤᠪᠢᠶᠠᠭᠰᠠᠨ ᠪᠠᠶᠢᠨ᠎ᠠ᠃ ᠲᠠᠮᠢᠷᠴᠢᠳ ︽ ᠮᠡᠷᠭᠡᠵᠢᠯ ᠢᠶᠠᠨ ᠰᠤᠯᠢᠯᠴᠠᠵᠤ  ᠨᠦᠬᠦᠷᠯᠡᠯ ᠢᠶᠠᠨ ᠪᠠᠳᠤᠳᠬᠠᠬᠤ︾ ᠵᠣᠷᠢᠭ ᠰᠠᠨᠠᠭ᠎ᠠ ᠶᠢ ᠪᠠᠷᠢᠮᠳᠠᠯᠠᠨ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠰᠤᠷᠤᠯᠴᠠᠭᠠᠳ  ᠂ ᠠᠬᠤᠢ ᠲᠠᠯᠠᠪᠠᠢ ᠎ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂  ᠦᠷᠢᠰᠦᠯᠳᠦᠭᠡᠨᠳᠦ ᠲᠠᠮᠢᠷ ᠤᠨ ᠰᠠᠶᠢᠨ ᠰᠠᠶᠢᠬᠠᠨ ᠵᠣᠷᠢᠭ ᠰᠠᠨᠠᠭ᠎ᠠ ᠶᠢ ᠭᠦᠢᠴᠡᠳ ᠢᠯᠡᠷᠡᠬᠦᠯᠵᠡᠢ᠃  ᠡᠨᠡ ᠤᠳᠠᠭᠠᠨ ᠤ ᠤᠷᠤᠯᠳᠤᠭᠠᠨ ᠢ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠤᠯᠯᠠᠨ ᠡᠷᠭᠢᠯᠡᠵᠦ᠂ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠳᠠᠭᠠᠭᠠᠴᠢᠯᠠᠨ  ᠡᠷᠬᠢᠯᠡᠭᠰᠡᠨ ᠪᠠᠶᠢᠨ᠎ᠠ᠃ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠥᠷᠭᠡᠨ ᠤᠯᠠᠨ  ᠬᠠᠷᠪᠤᠭᠠᠴᠢᠳ ᠲᠤ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂     ᠲᠡᠳᠡᠨ ᠤ ᠬᠤᠭᠤᠷᠣᠨᠳᠣᠬᠢ ᠰᠣᠯᠢᠯᠴᠠᠭ᠎ᠠ ᠪᠠ ᠪᠦᠯᠬᠦᠮᠳᠡᠯ ᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠬᠦᠭᠵᠢᠬᠦᠯᠦᠨ ᠪᠠᠳᠠᠷᠠᠭᠤᠯᠬᠤ ᠳᠤ ᠬᠦᠴᠦᠨ ᠨᠡᠮᠡᠷᠢᠯᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号