ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠤ ᠦᠢᠯᠡᠰ ᠪᠦᠳᠦᠬᠡᠬᠦ ᠵᠠᠮ ᠰᠠᠷᠠᠭᠤᠯ
ᠨᠡᠶᠢᠲᠡᠯᠡᠭᠰᠡᠨ ᠴᠠᠭ᠄
2025/4/15
    ᠲᠠᠶᠢᠹᠤᠰᠧ ᠬᠤᠰᠢᠭᠤᠨ ᠤ ᠵᠠᠯᠠᠭᠤᠴᠤᠳ ᠤᠨ ᠦᠢᠯᠡᠰ ᠪᠦᠳᠦᠬᠡᠬᠦ ᠬᠦᠷᠢᠶᠡᠯᠡᠩ ᠨᠢ 2016 ᠣᠨ ᠳᠤ ᠪᠠᠶᠢᠭᠤᠯᠤᠭᠳᠠᠭᠠᠳ᠂ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ᠂  ᠲᠡᠬᠦᠰᠦᠭᠰᠡᠨ ᠣᠶᠤᠲᠠᠨ ᠵᠡᠷᠭᠡ ᠭᠤᠣᠯᠳᠠᠯᠭ᠎ᠠ ᠲᠠᠢ ᠬᠥᠮᠦᠰ ᠤᠨ ᠦᠢᠯᠡᠰ ᠪᠦᠳᠦᠭᠡᠬᠦ ᠲᠠᠪᠴᠠᠩ ᠪᠣᠯᠤᠭᠰᠠᠨ ᠶᠤᠮ᠃ ᠤᠳᠤ ᠲᠤᠰ ᠬᠦᠷᠢᠶᠡᠯᠡᠩ ᠳᠤ 23 ᠠᠵᠤ ᠠᠬᠤᠢᠯᠠᠯ ᠣᠷᠣᠵᠤ ᠨᠤᠳᠤᠭᠰᠢᠵᠠᠢ᠃  ᠬᠦᠷᠢᠶᠡᠯᠡᠩ ᠳᠤ ᠪᠠᠶᠢᠭ᠎ᠠ ᠬᠤᠩ ᠮᠠᠢ ᠲᠡᠮᠡᠭᠡᠨ ᠬᠢᠷᠭᠤᠤᠯ ᠤᠨ ᠦᠢᠯᠡᠰ ᠤᠨ  ᠬᠢᠵᠠᠭᠠᠷᠲᠤ ᠺᠣᠮᠫᠠᠨᠢ ᠶᠢᠨ ᠦᠵᠡᠭᠦᠯᠭᠡ ᠶᠢᠨ ᠲᠢᠩᠬᠢᠮ ᠳᠤ ᠤᠷᠤᠬᠤᠶ᠎ᠠ᠂ ᠡᠯ᠎ᠡ ᠲᠥᠷᠥᠯ ᠤᠨ ᠲᠡᠮᠡᠭᠡᠨ ᠬᠢᠷᠭᠤᠤᠯ ᠤᠨ ᠮᠢᠬᠠᠨ ᠤ ᠪᠦᠲᠦᠭᠡᠭᠳᠡᠬᠦᠨ ᠢ ᠰᠠᠪᠠᠯᠠᠭᠰᠠᠨ ᠪᠡᠯᠡᠭ ᠤᠨ ᠬᠠᠶᠢᠷᠴᠠᠭ ᠤᠳ ᠪᠠ ᠲᠡᠮᠡᠭᠡᠨ ᠬᠢᠷᠭᠤᠤᠯ ᠤᠨ ᠥᠨᠳᠡᠭᠡ᠂ ᠲᠡᠮᠡᠭᠡᠨ ᠬᠢᠷᠭᠤᠤᠯ ᠤᠨ ᠠᠷᠠᠰᠤ ᠪᠠᠷ ᠬᠢᠭᠰᠡᠨ ᠭᠠᠷ ᠤᠷᠠᠯᠠᠯ ᠤᠨ ᠪᠦᠲᠦᠭᠡᠭᠳᠡᠬᠦᠨ ᠨᠦᠭᠦᠳ ᠦᠷᠦᠭᠡ ᠲᠦᠬᠦᠷᠡᠩ ᠦᠷᠦᠭᠰᠡᠨ ᠬᠠᠷᠠᠭᠳᠠᠨ᠎ᠠ᠃ ᠺᠣᠮᠫᠠᠨᠢ ᠶᠢᠨ ᠬᠠᠷᠢᠭᠤᠴᠠᠯᠭᠠᠲᠠᠨ ᠱᠢ ᠬᠤᠸᠠᠨ ᠪᠢᠨ ᠠᠴᠠ᠄ ︽ᠭᠠᠳᠠᠨ᠎ᠠ ᠤᠷᠤᠨ ᠳᠤ ᠬᠦᠯᠦᠰᠦᠨ ᠤ ᠠᠵᠢᠯ ᠬᠢᠵᠦ ᠪᠠᠶᠢᠬᠤ ᠎ ᠳᠠᠭᠠᠨ ᠮᠠᠨ ᠤ ᠬᠤᠰᠢᠭᠤᠨ ᠤ  ᠎ ᠬᠢᠨ ᠦᠢᠯᠡᠰ ᠪᠦᠳᠦᠭᠡᠬᠦ ᠶᠢ ᠲᠡᠳᠬᠦᠬᠦ ᠲᠥᠷᠥ ᠶᠢᠨ ᠪᠣᠳᠣᠯᠭ᠎ᠠ ᠲᠤᠭᠳᠠᠭᠰᠠᠨ ᠭᠡᠳᠡᠭ ᠢ ᠰᠣᠨᠣᠰᠪᠠ᠂  ᠡᠨᠡ ᠨᠢ ᠨᠤᠲᠤᠭ ᠲᠠᠭᠠᠨ ᠬᠠᠷᠢᠵᠤ  ᠦᠢᠯᠡᠰ ᠪᠦᠳᠦᠭᠡᠶ᠎ᠡ ᠭᠡᠵᠦ ᠪᠣᠳᠣᠭᠰᠠᠭᠠᠷ ᠢᠷᠡᠭᠰᠡᠨ ᠨᠠᠳᠠ ᠠᠪᠴᠤ ᠭᠡᠯᠡᠪᠡᠯ ᠮᠠᠰᠢᠨ ᠰᠠᠶᠢᠨ ᠠᠵᠠ ᠲᠤᠬᠢᠶᠠᠯ ᠪᠤᠯᠤᠭᠰᠠᠨ ᠶᠤᠮ︾ ᠭᠡᠵᠦ ᠪᠠᠶᠢᠳᠠᠯ ᠢᠶᠠᠨ ᠲᠦᠬᠦᠮᠬᠡᠨ ᠲᠠᠨᠢᠯᠴᠠᠭᠤᠯᠤᠯ᠎ᠠ᠃  ᠬᠦᠷᠢᠶᠡᠯᠡᠩ ᠳᠤ ᠤᠷᠤᠵᠤ  ᠨᠤᠳᠤᠭᠰᠢᠬᠰᠠᠨ ᠤ ᠳᠠᠷᠠᠭ᠎ᠠ᠂ ᠡᠳᠡᠨ ᠤ ᠬᠢᠨ ᠥᠪᠡᠷ ᠤᠨ ᠥᠷᠲᠡᠭ ᠥᠬᠡᠶ ᠠᠵᠢᠯᠯᠠᠬᠤ ᠭᠠᠵᠠᠷ ᠲᠠᠢ ᠪᠤᠯᠵᠤ᠂ 70%᠎ ᠶᠢᠨ ᠳᠤᠯᠠᠭᠠᠯᠠᠭ᠎ᠠ ᠶᠢᠨ ᠨᠥᠬᠦᠪᠥᠷᠢ ᠶᠢ ᠭᠥᠷᠳᠡᠭᠰᠡᠨ ᠢᠶᠠᠷ ᠪᠠᠷᠠᠬᠤ ᠥᠬᠡᠶ  ︽ ᠬᠠᠪᠰᠤᠷᠤᠨ ᠬᠦᠢᠴᠡᠳᠭᠡᠬᠦ ᠪᠦᠯᠬᠦᠮ︾  ᠎ ᠤᠨ ᠬᠠᠪᠰᠤᠷᠤᠯᠭ᠎ᠠ ᠳᠣᠤᠷ᠎ᠠ ᠡᠵᠡᠩᠨᠡᠯᠲᠡ ᠶᠢᠨ ᠦᠨᠡᠮᠯᠡᠯ ᠵᠡᠷᠭᠡ ᠬᠠᠮᠢᠶ᠎ᠠ ᠪᠥᠬᠦᠶ ᠭᠠᠷᠳᠠᠮ ᠢᠶᠠᠨ ᠮᠠᠰᠢ  ᠲᠦᠷᠭᠡᠨ ᠬᠦᠢᠴᠡᠳᠭᠡᠭᠰᠡᠨ ᠬᠡᠨ᠎ᠡ᠃ ︽ᠤᠳᠤ ᠲᠡᠵᠢᠭᠡᠨ ᠦᠷᠡᠵᠢᠭᠦᠯᠬᠦ ᠲᠠᠯᠠᠪᠠᠢ ᠮᠢᠨᠢ ᠤᠯᠠᠮ ᠠᠴᠠ ᠤᠯᠠᠮ ᠲᠡᠬᠦᠯᠳᠡᠷᠵᠢᠵᠦ ᠪᠠᠶᠢᠨ᠎ᠠ᠂ ᠳᠠᠷᠠᠭᠠᠴᠢ ᠶᠢᠨ ᠠᠯᠬᠤᠮ ᠳᠤ ᠬᠦᠷᠢᠶᠡᠯᠡᠩ  ᠤᠨ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠢ ᠠᠰᠢᠭᠯᠠᠨ  ᠡᠯᠧᠺᠲᠷᠤᠨ ᠬᠤᠳᠠᠯᠳᠤᠭᠠᠨ ᠤ ᠪᠣᠷᠣᠯᠠᠭᠤᠯᠭ᠎ᠠ ᠶᠢ ᠲᠤᠷᠰᠢᠨ ᠬᠢᠵᠦ᠂  ᠰᠦᠯᠵᠢᠶᠡᠨ ᠤ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ  ᠦᠷᠭᠡᠳᠭᠡᠬᠦ ᠰᠠᠨᠠᠭ᠎ᠠ ᠲᠠᠢ᠂  ᠡᠶᠢᠨ ᠬᠦ᠋ ᠡᠯᠧᠺᠲᠷᠤᠨ ᠬᠤᠳᠠᠯᠳᠤᠭᠠᠨ ᠤ ᠲᠠᠪᠴᠠᠩ ᠢᠶᠠᠷ ᠲᠠᠮᠵᠢᠭᠠᠳ ᠪᠦᠲᠦᠭᠡᠭᠳᠡᠬᠦᠨ ᠢᠶᠠᠨ ᠪᠦᠬᠦ ᠤᠯᠤᠰ ᠲᠤ ᠳᠡᠯᠭᠡᠷᠡᠭᠦᠯᠵᠦ᠂ ᠲᠡᠮᠡᠭᠡᠨ ᠬᠢᠷᠭᠤᠤᠯ ᠤᠨ ᠦᠢᠯᠡᠰ ᠢᠶᠠᠨ ᠪᠤᠵᠠᠭᠠᠶᠢᠷᠠᠭᠤᠯᠤᠨ  ᠂ ᠨᠡᠩ ᠤᠯᠠᠨ ᠨᠤᠲᠤᠭ ᠤᠨ ᠠᠬ᠎ᠠ ᠳᠡᠭᠦᠦ ᠨᠡᠷ ᠢ ᠲᠠᠶᠢᠴᠢᠯᠠᠨ ᠬᠠᠮᠲᠤ ᠪᠠᠷ ᠪᠠᠶᠠᠵᠢᠬᠤ ᠶᠢ ᠬᠦᠰᠡᠵᠦ ᠪᠠᠶᠢᠨ᠎ᠠ︾ ᠭᠡᠵᠦ ᠬᠤᠶᠢᠰᠢᠳᠠ ᠶᠢᠨ ᠠᠵᠢᠯ ᠦᠢᠯᠡᠰ ᠲᠡᠭᠡᠨ ᠢᠲᠡᠭᠡᠯ ᠳᠦᠭᠦᠷᠡᠩ ᠪᠠᠶᠢᠬᠤ ᠪᠠᠨ ᠢᠯᠡᠷᠭᠡᠶᠢᠯᠡᠨ᠎ᠡ᠃ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠬᠠᠨ ᠢᠦᠶ ᠲᠠᠨᠢᠯᠴᠠᠭᠤᠯᠬᠤ ᠳᠠᠭᠠᠨ  ᠄ ︽ᠦᠢᠯᠡᠰ ᠪᠦᠳᠦᠬᠡᠬᠦ ᠬᠦᠷᠢᠶᠡᠯᠡᠩ ᠳᠤ ᠠᠵᠢᠯ ᠤᠨ ᠲᠣᠭᠤᠷᠢᠭ᠂ ᠬᠤᠷᠠᠯ ᠤᠨ ᠬᠡᠷ᠂  ᠬᠢᠴᠢᠶᠡᠯ ᠪᠣᠯᠪᠠᠰᠤᠷᠠᠯ ᠤᠨ ᠬᠡᠷ᠂  ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠵᠡᠷᠭᠡ ᠶᠢ ᠪᠦᠷᠢᠯᠳᠦᠬᠦᠯᠵᠦ᠂  ᠦᠢᠯᠡᠰ ᠪᠦᠳᠦᠭᠡᠭᠴᠢᠳ ᠲᠤ  ᠪᠥᠬᠦ ᠲᠠᠯ᠎ᠠ ᠶᠢᠨ ᠬᠠᠲᠠᠭᠤ ᠲᠤᠨᠤᠭ ᠤᠨ ᠳᠡᠮᠵᠢᠯᠭᠡ ᠬᠠᠩᠭᠠᠵᠤ ᠪᠤᠢ᠃ ᠬᠠᠲᠠᠭᠤ ᠲᠣᠨᠤᠭ ᠠᠴᠠ ᠭᠠᠳᠠᠨ᠎ᠠ᠂ ᠮᠠᠨ ᠤ ᠬᠦᠷᠢᠶᠡᠯᠡᠩ ᠨᠢ ᠪᠠᠰᠠ ᠦᠢᠯᠡᠴᠢᠯᠡᠭᠡ ᠪᠠᠨ ᠰᠠᠶᠢᠵᠢᠷᠠᠭᠤᠯᠬᠤ ᠶᠢ ᠴᠢᠬᠤᠯᠠᠴᠢᠯᠠᠵᠤ᠂ ᠭᠠᠷ ᠭᠦᠢᠴᠡᠳᠬᠡᠯ ᠢ ᠬᠠᠪᠰᠤᠷᠤᠨ ᠬᠦᠢᠴᠡᠳᠭᠡᠬᠦ᠂ ᠵᠢᠭᠡᠯᠡᠯᠭᠡ ᠤᠯᠭᠤᠬᠤ᠂ ᠦᠢᠯᠡᠰ ᠪᠤᠰᠬᠠᠬᠤ ᠶᠢ ᠵᠢᠯᠣᠭᠤᠳᠬᠤ ᠵᠡᠷᠭᠡ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠬᠠᠩᠭᠠᠳᠠᠭ᠂ ᠳᠠᠷᠠᠭᠠᠴᠢ ᠎ ᠪᠠᠷ ᠮᠠᠨ ᠤ ᠬᠤᠰᠢᠭᠤ ᠨᠢ ᠠᠵᠢᠯ ᠣᠯᠭᠤᠯᠲᠠ ᠶᠢ ᠠᠬᠢᠭᠤᠯᠬᠤ  ᠎ ᠪᠠᠷ ᠬᠠᠷᠠᠯᠲᠠ ᠪᠤᠯᠭᠠᠨ᠂ ᠡᠯ᠎ᠡ ᠲᠦᠷᠦᠯ ᠤᠨ ᠠᠵᠢᠯ ᠤᠯᠵᠤ ᠦᠢᠯᠡᠰ ᠪᠦᠳᠦᠬᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠪᠠᠶᠢᠭᠠᠳ᠂ ᠨᠡᠩ ᠤᠯᠠᠨ  ᠵᠠᠯᠠᠭᠤᠴᠤᠳ ᠤᠨ  ᠠᠵᠢᠯ ᠤᠯᠵᠤ ᠦᠢᠯᠡᠰ ᠪᠦᠳᠦᠬᠡᠬᠦ ᠳᠤ ᠬᠦᠴᠦᠨ ᠨᠡᠮᠡᠷᠢᠯᠡᠨ᠎ᠡ︾ ᠬᠡᠯ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号