ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠤᠨ ᠡᠷᠴᠢᠮ ᠢ | ᠤᠯᠠᠮ ᠴᠢᠩᠭᠠᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠬᠦᠯᠦᠨ᠂ ᠣᠶ ᠰᠢᠭᠤᠶ ᠨᠤᠳᠤᠭ ᠪᠡᠯᠴᠢᠭᠡᠷ ᠢ ᠡᠪᠳᠡᠬᠦ᠂ ᠳᠤᠷ᠎ᠠ ᠪᠠᠷ ᠢᠶᠠᠨ ᠠᠲᠠᠷ | ᠬᠠᠭᠠᠯᠪᠤᠷᠢᠯᠠᠬᠤ ᠵᠡᠷᠭᠡ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠬᠦ ᠶᠢᠨ ᠲᠥᠯᠥᠭᠡ᠂ ︽ᠲᠠᠶᠢᠹᠤᠰᠧ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠢ ᠰᠦᠢᠳᠭᠡᠬᠦ ᠡᠪᠳᠡᠬᠦ | ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠬᠦ ᠠᠵᠢᠯ ᠤᠨ ᠬᠡᠷᠡᠭᠵᠢᠭᠦᠯᠬᠦ | ᠲᠦᠰᠦᠪ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠳᠠᠢ | ᠪᠠᠶᠢᠯᠭᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ︾ ᠵᠡᠷᠭᠡ ᠬᠤᠯᠪᠣᠭᠳᠠᠯ ᠪᠥᠬᠦᠶ | ᠬᠠᠤᠯᠢ ᠲᠦᠷᠢᠮ ᠢ ᠦᠨᠳᠦᠰᠦᠯᠡᠨ᠂ ᠲᠤᠰ ᠠᠷᠭ᠎ᠠ ᠶᠢ ᠭᠡᠷᠡᠭᠵᠢᠬᠦᠯᠬᠦ ᠪᠠᠷ ᠪᠤᠯᠪᠠ᠄ | ᠨᠢᠭᠡ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭ᠎ᠠ᠂ ᠪᠡᠯᠴᠢᠭᠡᠷ ᠰᠡᠷᠬᠦᠬᠡᠵᠦ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠪᠡᠯᠴᠢᠭᠡᠷᠯᠡᠬᠦᠯᠦᠨ ᠮᠠᠯᠵᠢᠬᠤ᠂ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠶᠢ ᠡᠷᠡᠰ ᠴᠠᠭᠠᠵᠠᠯᠠᠨ᠎ᠠ ᠃ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ | ᠬᠤᠭᠤᠴᠠᠭ᠎ᠠ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ︵ᠣᠶ ᠰᠢᠭᠤᠶ ᠨᠤᠳᠤᠭ | ᠪᠡᠯᠴᠢᠭᠡᠷ ᠤᠨ ᠠᠮᠢ ᠠᠬᠤᠶ ᠶᠢᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠢ ᠪᠠᠭᠲᠠᠭᠠᠨ᠎ᠠ︶ ᠳᠤ | ᠪᠡᠯᠴᠢᠭᠡᠷᠯᠡᠬᠦᠯᠦᠨ ᠮᠠᠯᠵᠢᠵᠤ ᠪᠤᠯᠬᠤ ᠦᠬᠡᠢ᠂ ᠪᠠᠶᠢᠭᠠᠯᠢᠯᠢᠭ ᠨᠤᠲᠤᠭ ᠪᠡᠯᠴᠢᠭᠡᠷ ᠲᠤ ᠪᠡᠯᠴᠢᠭᠡᠷᠯᠡᠬᠦᠯᠦᠨ ᠮᠠᠯᠵᠢᠬᠤ | ᠳᠤ ᠮᠠᠨ ᠤ ᠬᠤᠰᠢᠭᠤᠨ ᠤ ᠨᠡᠶᠢᠲᠡᠯᠡᠭᠰᠡᠨ ᠲᠣᠬᠢᠷᠠᠮᠵᠢᠲᠠᠶ ᠪᠡᠯᠴᠢᠭᠡᠷ ᠤᠨ ᠲᠠᠭᠠᠭᠠᠴᠠ ᠶᠢ ᠴᠢᠩᠭ᠎ᠠ ᠵᠢᠷᠤᠮᠯᠠᠬᠤ | ᠭᠡᠷᠡᠭᠳᠡᠢ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠴᠢᠩᠭ᠎ᠠ ᠴᠠᠭᠠᠵᠠᠯᠠᠨ᠎ᠠ᠃ | ᠬᠤᠶᠠᠷ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠪᠤᠰᠤ ᠪᠠᠷ ᠡᠪᠳᠡᠵᠦ ᠰᠦᠢᠳᠭᠡᠬᠦ ᠶᠢ ᠡᠷᠡᠰ | ᠴᠠᠭᠠᠵᠠᠯᠠᠨ᠎ᠠ᠃ ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠬᠦ ᠂ ᠨᠤᠲᠤᠭ ᠪᠡᠯᠴᠢᠭᠡᠷ ᠳᠡᠭᠡᠷ᠎ᠡ ᠴᠢᠯᠠᠭᠤ ᠰᠢᠷᠣᠶ ᠮᠠᠯᠲᠠᠬᠤ ᠵᠡᠷᠭᠡ ᠨᠤᠲᠤᠭ ᠪᠡᠯᠴᠢᠭᠡᠷ ᠢ ᠡᠪᠳᠡᠵᠦ | ᠰᠦᠢᠳᠭᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠤᠲᠤᠭ ᠪᠡᠯᠴᠢᠭᠡᠷ ᠢ ᠬᠠᠤᠯᠢ ᠪᠤᠰᠤ ᠪᠠᠷ | ᠡᠵᠡᠯᠡᠨ ᠭᠡᠷᠡᠭᠯᠡᠵᠦ᠂ ᠨᠤᠲᠤᠭ ᠪᠡᠯᠴᠢᠭᠡᠷ ᠤᠨ ᠭᠡᠷᠡᠭᠯᠡᠭᠡ ᠶᠢ ᠬᠤᠪᠢᠷᠠᠭᠤᠯᠤᠭᠰᠠᠨ ᠲᠠᠯᠠᠪᠠᠢ ᠨᠢ 20 ᠮᠦ ᠠᠴᠠ | ᠭᠡᠳᠦᠷᠡᠪᠡᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠷᠪᠠ᠂ ᠣᠶ ᠮᠣᠳᠣᠨ ᠤ ᠡᠬᠢ ᠪᠠᠶᠠᠯᠢᠭ ᠢ ᠬᠠᠤᠯᠢ ᠪᠤᠰᠤ ᠪᠠᠷ ᠡᠪᠳᠡᠵᠦ ᠰᠦᠢᠳᠭᠡᠬᠦ ᠶᠢ ᠡᠷᠡᠰ ᠴᠠᠭᠠᠵᠠᠯᠠᠨ᠎ᠠ | ᠃ ᠶᠠᠮᠠᠷᠪᠠ ᠬᠡᠯᠪᠡᠷᠢ ᠪᠠᠷ ᠣᠶ ᠮᠣᠳᠣ ᠶᠢ ᠳᠤᠷ᠎ᠠ ᠪᠠᠷ ᠢᠶᠠᠨ ᠤᠭᠳᠤᠯᠵᠤ᠂ ᠣᠶ ᠮᠣᠳᠣᠨ ᠤ ᠭᠠᠵᠠᠷ ᠢ | ᠬᠠᠭᠠᠯᠪᠤᠷᠢᠯᠠᠵᠤ᠂ ᠣᠶ ᠮᠣᠳᠣᠨ ᠤ ᠭᠠᠵᠠᠷ ᠤᠨ ᠭᠡᠷᠡᠭᠯᠡᠭᠡ ᠶᠢ ᠬᠤᠪᠢᠷᠠᠭᠤᠯᠵᠤ ᠪᠤᠯᠬᠤ ᠦᠬᠡᠢ᠃ ︽ ᠬᠠᠤᠯᠢ ᠪᠤᠰᠤ | ᠪᠠᠷ ᠡᠵᠡᠯᠡᠨ ᠭᠡᠷᠡᠭᠯᠡᠵᠦ ᠡᠪᠳᠡᠨ ᠰᠦᠢᠳᠭᠡᠭᠰᠡᠨ ᠨᠡᠶᠢᠲᠡ ᠶᠢᠨ ᠠᠰᠠᠷᠠᠮᠵᠢ ᠶᠢᠨ ᠣᠶ ᠮᠤᠳᠤᠨ ᠤ ᠲᠠᠯᠠᠪᠠᠢ ᠨᠢ 5 | ᠮᠦ ᠭᠡᠳᠦᠷᠡᠭᠰᠡᠨ ︾ ︽ ᠬᠠᠤᠯᠢ ᠪᠤᠰᠤ ᠪᠠᠷ ᠡᠵᠡᠯᠡᠨ ᠭᠡᠷᠡᠭᠯᠡᠵᠦ ᠡᠪᠳᠡᠨ ᠰᠦᠢᠳᠭᠡᠭᠰᠡᠨ ᠲᠠᠸᠠᠷ ᠤᠨ ᠤᠢ | ᠮᠤᠳᠤᠨ ᠤ ᠲᠠᠯᠠᠪᠠᠢ ᠨᠢ 10 ᠮᠦ ᠠᠴᠠ ᠭᠡᠳᠦᠷᠡᠭᠰᠡᠨ︾ ᠪᠤᠯ ᠤᠢ ᠮᠤᠳᠤ ᠶᠢ ᠶᠡᠭᠡ ᠬᠡᠮᠵᠢᠶ᠎ᠡ ᠪᠠᠷ ᠡᠪᠳᠡᠭᠰᠡᠨ ᠳᠤ | ᠲᠤᠭᠠᠴᠠᠭᠳᠠᠵᠤ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠥᠷᠪᠡ᠂ ᠨᠤᠭᠤ ᠭᠠᠵᠠᠷ ᠤᠨ ᠡᠬᠢ ᠪᠠᠶᠠᠯᠢᠭ ᠢ ᠬᠠᠤᠯᠢ ᠪᠤᠰᠤ ᠪᠠᠷ ᠡᠪᠳᠡᠵᠦ ᠰᠦᠢᠳᠭᠡᠬᠦ ᠶᠢ ᠡᠷᠡᠰ | ᠴᠠᠭᠠᠵᠠᠯᠠᠨ᠎ᠠ᠃ ᠶᠠᠮᠠᠷᠪᠠ ᠬᠡᠯᠪᠡᠷᠢ ᠪᠠᠷ ᠨᠤᠭᠤ ᠭᠠᠵᠠᠷ ᠢ ᠬᠠᠭᠠᠯᠪᠤᠷᠢᠯᠠᠬᠤ ᠂ ᠨᠤᠭᠤ ᠭᠠᠵᠠᠷ ᠲᠤ ᠳᠤᠷ᠎ᠠ ᠪᠠᠷ ᠢᠶᠠᠨ | ᠡᠯᠡᠰᠦ ᠰᠢᠷᠤᠢ ᠮᠠᠯᠲᠠᠬᠤ᠂ ᠲᠠᠭᠠᠭᠠᠴᠠ ᠠᠴᠠ ᠬᠡᠲᠦᠷᠡᠲᠡᠯ᠎ᠡ ᠮᠠᠯᠵᠢᠬᠤ᠂ ᠪᠣᠬᠢᠷ ᠤᠰᠤ ᠭᠠᠳᠠᠭᠰᠢᠯᠠᠭᠤᠯᠬᠤ ᠵᠡᠷᠭᠡ | ᠨᠤᠭᠤ ᠭᠠᠵᠠᠷ ᠤᠨ ᠠᠮᠢ ᠠᠬᠤᠶ ᠶᠢ ᠡᠪᠳᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠲᠠᠪᠤ᠂ ᠣᠶ ᠰᠢᠭᠤᠶ ᠨᠤᠳᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠦᠢᠯᠡ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠬᠦᠨ᠎ᠡ᠃ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ | ᠡᠬᠢᠯᠡᠭᠡᠳ᠂ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠤᠪᠴᠢᠶ᠎ᠠ᠂ ᠪᠠᠶᠢᠴᠠᠭᠠᠬᠤ ᠬᠤᠷᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠤᠯᠤᠨ ᠡᠯ᠎ᠡ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠣᠶ ᠰᠢᠭᠤᠶ ᠨᠤᠳᠤᠭ ᠪᠡᠯᠴᠢᠭᠡᠷ ᠨᠤᠭᠤ | ᠭᠠᠵᠠᠷ ᠤᠨ ᠬᠦᠷᠢᠶ᠎ᠡ ᠴᠠᠷᠠᠭᠠᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ | ᠡᠷᠴᠢᠮ ᠢᠶᠠᠨ ᠴᠢᠩᠭᠠᠷᠠᠭᠤᠯᠵᠤ᠂ ᠬᠠᠤᠯᠢ ᠠᠴᠠ ᠲᠡᠷᠰᠯᠡᠨ ᠬᠡᠷᠡᠭ ᠦᠢᠯᠡᠳᠦᠭᠰᠡᠳ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠬᠠᠤᠯᠢ ᠵᠦᠷᠢᠴᠡᠨ ᠶᠠᠯ᠎ᠠ ᠬᠢᠭᠰᠡᠳ ᠠᠴᠠ ᠬᠠᠷᠢᠭᠤᠴᠠᠯᠭ᠎ᠠ ᠨᠡᠬᠡᠮᠵᠢᠯᠡᠨ ᠠᠵᠤ ᠠᠬᠤᠶ ᠶᠢᠨ | ᠲᠥᠯᠥᠪᠦᠷᠢ ᠠᠪᠬᠤ ᠪᠤᠯᠤᠨ᠎ᠠ᠃ | | ᠲᠠᠶᠢᠹᠤᠰᠧ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ | | 2 2025 ᠣᠨ ᠤ 4 ᠰᠠᠷ᠎ᠠ ᠶᠢᠨ 11 ᠤ ᠡᠳᠦᠷ |