2024 ᠤᠨ ᠤ ᠬᠥᠮᠥᠨ ᠠᠮᠠ ᠶᠢᠨ ᠲᠤᠬᠠᠢ ᠠᠯᠪᠠᠨ ᠮᠡᠳᠡᠭᠡ
ᠨᠡᠶᠢᠲᠡᠯᠡᠭᠰᠡᠨ ᠴᠠᠭ᠄
2025/4/15
   ᠤᠯᠤᠰ᠂ ᠣᠷᠣᠨ᠂ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠭᠡᠪ ᠠᠪᠴᠤ ᠪᠠᠶᠢᠴᠠᠭᠠᠭᠰᠠᠨ ᠲᠤᠭ᠎ᠠ ᠪᠠᠷᠢᠮᠲᠠ ᠶᠢ ᠦᠨᠳᠦᠰᠦᠯᠡᠵᠦ ᠪᠥᠬᠦ ᠬᠤᠰᠢᠭᠤᠨ ᠤ 2024 ᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠲᠤᠬᠠᠢ ᠭᠤᠣᠯ ᠪᠣᠯᠬᠤ ᠲᠤᠭ᠎ᠠ ᠪᠠᠷᠢᠮᠲᠠ ᠶᠢ ᠲᠦᠰᠦᠭᠡᠯᠡᠨ ᠪᠤᠳᠤᠵᠠᠢ᠂ ᠪᠠᠶᠢᠳᠠᠯ ᠳᠣᠣᠷᠠᠬᠢ ᠮᠡᠲᠦ᠄     ᠨᠢᠭᠡ᠂ ᠪᠠᠶᠢᠩᠭᠤ ᠰᠠᠭᠤᠭ᠎ᠠ ᠬᠥᠮᠥᠨ ᠠᠮᠠ ᠶᠢᠨ ᠶᠡᠷᠦᠩᠬᠡᠢ ᠲᠤᠭ᠎ᠠ  ᠄ 2024 ᠣᠨ ᠤ ᠡᠴᠦᠰ ᠲᠤ᠂ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 10.98 ᠲᠦᠮᠡ ᠪᠠᠶᠢᠵᠤ᠂ 2023 ᠣᠨ ᠤ ᠬᠢ ᠠᠴᠠ 0.03 ᠲᠦᠮᠡ ᠪᠠᠭᠠᠰᠴᠤ᠂  0.27 %᠎ ᠪᠠᠷ ᠪᠠᠭᠤᠷᠠᠪᠠ᠃     ᠬᠤᠶᠠᠷ᠂ ᠬᠤᠳᠠ ᠬᠥᠳᠡᠭᠡ ᠶᠢᠨ ᠪᠦᠷᠢᠯᠳᠦᠴᠡ  ᠄  ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠬᠤᠲᠠ ᠪᠠᠯᠭᠠᠰᠤᠨ ᠤ ᠬᠥᠮᠥᠨ ᠠᠮᠠ 5.52 ᠲᠦᠮᠡ ᠪᠠᠶᠢᠵᠤ᠂ 2023 ᠣᠨ ᠤ ᠬᠢ ᠠᠴᠠ 0.11 ᠲᠦᠮᠡ  ᠨᠡᠮᠡᠭᠳᠡᠵᠦ᠂  ᠬᠥᠳᠡᠭᠡ ᠲᠣᠰᠬᠤᠨ ᠤ ᠬᠥᠮᠥᠨ ᠠᠮᠠ 5.46 ᠲᠦᠮᠡ ᠪᠠᠶᠢᠵᠤ᠂ 2023 ᠣᠨ ᠤ ᠬᠢ ᠠᠴᠠ 0.14 ᠲᠦᠮᠡ ᠪᠠᠭᠠᠰᠪᠠ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 50.27 % ᠪᠠᠶᠢᠵᠤ᠂ 2023 ᠣᠨ ᠤ ᠬᠢ ᠠᠴᠠ ᠵᠠᠭᠤᠨ ᠤ ᠬᠠᠷᠢᠴᠠᠯ ᠢᠶᠠᠷ 1.13 ᠬᠤᠪᠢ ᠲᠡᠭᠡᠭᠰᠢᠯᠡᠪᠡ᠃      ᠭᠤᠷᠪᠠ᠂ ᠨᠠᠰᠤᠨ ᠤ ᠪᠦᠷᠢᠯᠳᠦᠴᠡ᠄  ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ  0 ︱ 14 ᠨᠠᠰᠤᠨ ᠤ ᠬᠥᠮᠥᠨ ᠠᠮᠠ 1.22 ᠲᠦᠮᠡ ᠪᠠᠶᠢᠵᠤ 11.11%᠎ ᠶᠢ ᠡᠵᠡᠯᠡᠨ᠂ 15 ︱ 59 ᠨᠠᠰᠤᠨ ᠤ ᠬᠥᠮᠥᠨ ᠠᠮᠠ 6.21 ᠲᠦᠮᠡ ᠪᠠᠶᠢᠵᠤ 56.56 %᠎ ᠶᠢ ᠡᠵᠡᠯᠡᠨ᠂ 60᠎ ᠠᠴᠠ ᠲᠡᠭᠡᠭᠰᠢ ᠨᠠᠰᠤᠨ ᠤ ᠬᠥᠮᠥᠨ ᠠᠮᠠ 3.55 ᠲᠦᠮᠡ ᠪᠠᠶᠢᠵᠤ᠂  32.33 %᠎ ᠶᠢ ᠡᠵᠡᠯᠡᠨ᠂ ᠡᠭᠦᠨ ᠤ ᠲᠤᠳᠤᠷ᠎ᠠ 65᠎ ᠠᠴᠠ ᠳᠡᠭᠡᠭᠰᠢᠬᠢ ᠨᠠᠰᠤᠨ ᠤ ᠬᠥᠮᠥᠨ ᠠᠮᠠ 2.4 ᠲᠦᠮᠡ ᠪᠠᠶᠢᠵᠤ᠂ 21.8%᠎ ᠶᠢ ᠡᠵᠡᠯᠡᠪᠡ᠃  2023 ᠣᠨ ᠤ ᠬᠢ ᠲᠠᠢ ᠬᠠᠷᠢᠴᠠᠭᠤᠯᠪᠠᠯ 0 ︱ 14 ᠨᠠᠰᠤᠨ ᠤ ᠬᠥᠮᠥᠨ ᠠᠮᠠ 0.01 ᠲᠦᠮᠡ  ᠪᠠᠭᠠᠰᠴᠤ  ᠂ 15 ︱ 59 ᠨᠠᠰᠤᠨ ᠤ ᠬᠥᠮᠥᠨ ᠠᠮᠠ 0.01 ᠲᠦᠮᠡ ᠪᠠᠭᠠᠰᠴᠤ᠂ 60᠎ ᠠᠴᠠ ᠳᠡᠭᠡᠭᠰᠢᠬᠢ ᠨᠠᠰᠤᠨ ᠤ ᠬᠥᠮᠥᠨ ᠠᠮᠠ 0.01 ᠲᠦᠮᠡ ᠬᠠᠰᠤᠭᠳᠠᠵᠤ᠂ ᠡᠭᠦᠨ ᠎ ᠳᠤ 65᠎ ᠠᠴᠠ ᠳᠡᠭᠡᠭᠰᠢᠬᠢ ᠨᠠᠰᠤᠨ ᠤ ᠬᠥᠮᠥᠨ ᠠᠮᠠ ᠦᠨᠳᠦᠰᠦᠨ ᠳᠡᠭᠡᠨ ᠬᠤᠪᠢᠷᠠᠯᠳᠠ ᠦᠬᠡᠢ᠃     ᠳᠥᠷᠪᠡ᠂ ᠬᠦᠢᠰᠦ ᠶᠢᠨ ᠪᠦᠷᠢᠯᠳᠦᠴᠡ᠄ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠡᠷᠡᠭᠲᠡᠢ  5.62 ᠲᠦᠮᠡ ᠪᠠᠶᠢᠵᠤ᠂ 51.18 %᠎ ᠶᠢ ᠡᠵᠡᠯᠡᠨ᠂ ᠡᠮᠡᠭᠲᠡᠢ ᠬᠥᠮᠥᠨ 5.36 ᠲᠦᠮᠡ ᠪᠠᠶᠢᠵᠤ᠂  48.82%᠎ ᠶᠢ  ᠡᠵᠡᠯᠡᠨ᠂  ᠬᠦᠢᠰᠦ ᠶᠢᠨ ᠢᠯᠭᠠᠯ ᠤᠨ ᠬᠠᠷᠢᠴᠠᠯ 104.85 ᠪᠤᠯᠵᠤ᠂ 2023 ᠣᠨ ᠤ ᠬᠢ ᠠᠴᠠ 1.72 ᠪᠠᠭᠤᠷᠠᠪᠠ᠃     ᠲᠠᠪᠤ᠂ ᠬᠥᠮᠥᠨ ᠠᠮᠠ ᠶᠢᠨ ᠠᠶᠠᠨᠳᠠᠭᠠᠨ ᠤ ᠨᠡᠮᠡᠭᠳᠡᠯ  ᠄ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠲᠥᠷᠥᠭᠰᠡᠨ ᠬᠥᠮᠥᠨ ᠠᠮᠠ 0.054 ᠲᠦᠮᠡ᠂ ᠬᠦᠮᠦᠨ ᠠᠮᠠ  ᠎ ᠶᠢᠨ ᠲᠦᠷᠦᠯᠳᠡ ᠶᠢᠨ ᠨᠣᠷᠮ᠎ᠠ 4.92‰ ᠪᠤᠯᠵᠤ   ᠦᠬᠦᠭᠰᠡᠨ ᠬᠥᠮᠥᠨ ᠠᠮᠠ 0.079 ᠲᠦᠮᠡ ᠪᠠᠶᠢᠵᠤ  ᠂  ᠬᠦᠮᠦᠨ ᠠᠮᠠ  ᠎ ᠶᠢᠨ ᠦᠬᠦᠯ ᠤᠨ ᠨᠣᠷᠮ᠎ᠠ 7.19‰  ᠪᠤᠯᠵᠤ  ᠂ ᠬᠥᠮᠥᠨ ᠠᠮᠠ ᠶᠢᠨ ᠠᠶᠠᠨᠳᠠᠭᠠᠨ ᠨᠡᠮᠡᠭᠳᠡᠭᠰᠡᠨ ᠨᠤᠷᠮ᠎ᠠ ᠨᠢ  -2.27‰ ᠪᠤᠯᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号