4 ᠰᠠᠷ᠎ᠠ ᠶᠢᠨ 11 ᠤ ᠡᠳᠦᠷ᠂ ᠪᠥᠬᠦ ᠠᠶᠢᠮᠠᠭ ᠤᠨ ︽ᠤᠯᠤᠰ ᠭᠡᠷ ᠢᠶᠠᠨ ᠬᠦᠴᠦᠷᠬᠡᠭᠵᠢᠭᠦᠯᠦᠨ | ᠮᠠᠨᠳᠤᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠶ᠎ᠡ ︾ ᠰᠢᠷᠢᠰ ᠠᠵᠢᠯᠯᠠᠭᠠᠨ ᠤ ᠨᠠᠮ ᠤᠨ ᠲᠡᠤᠬᠡ᠂ ᠰᠢᠨ᠎ᠡ | ᠳᠤᠮᠳᠠᠳᠤ ᠤᠯᠤᠰ ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠤᠬᠡ᠂ ᠨᠡᠶᠢᠭᠡᠮ ᠵᠢᠷᠤᠮ ᠤᠨ | ᠬᠥᠭᠵᠢᠯᠲᠡ ᠶᠢᠨ ᠲᠡᠤᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠤᠬᠡ ᠶᠢᠨ ᠲᠤᠰᠬᠠᠶ ᠰᠡᠳᠦᠪᠲᠦ | ᠮᠡᠳᠡᠯᠭᠡ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠰᠢᠯᠢ ᠶᠢᠨ ᠭᠤᠤᠯ ᠠᠶᠢᠮᠠᠭ ᠤᠨ ᠬᠠᠮ | ᠵᠠᠭᠤᠴᠢᠯᠠᠭᠤᠷ ᠤᠨ ᠲᠥᠪ ᠲᠤ ᠠᠮᠵᠢᠯᠲᠠ ᠲᠠᠢ ᠥᠨᠳᠥᠷᠯᠡᠪᠡ᠃ ᠬᠤᠷᠴᠠ ᠰᠢᠷᠦᠭᠦᠨ ᠨᠤᠭᠤᠯᠤᠭ᠎ᠠ ᠤᠷᠤᠯᠳᠤᠭᠠᠨ | ᠪᠠ ᠰᠢᠢᠳᠪᠦᠷᠢᠲᠦ ᠤᠷᠤᠯᠳᠤᠭᠠᠨ ᠢᠶᠠᠷ ᠲᠠᠮᠵᠢᠭᠠᠳ ᠲᠠᠶᠢᠹᠤᠰᠧ ᠬᠤᠰᠢᠭᠤᠨ ᠤ ᠵᠠᠰᠠᠭ ᠤᠨ ᠣᠷᠳᠣᠨ ᠤ ᠠᠯᠪᠠᠨ | ᠭᠡᠷ ᠤᠨ ᠠᠵᠢᠯᠳᠠᠨ ᠵᠢᠶᠠ ᠰᠢᠤᠸᠠᠢ ᠲᠢᠩ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠢᠯᠳᠠᠨ ᠸᠠᠩ ᠮᠦ | ᠶᠣᠣ᠂ ᠪᠠᠶᠢᠴᠠᠭᠠᠬᠤ ᠬᠤᠷᠢᠶᠠᠨ ᠤ ᠠᠵᠢᠯᠳᠠᠨ ᠯᠢᠦ ᠵᠢᠶᠠ ᠪᠠᠷ ᠪᠦᠷᠢᠯᠳᠦᠭᠰᠡᠨ ᠲᠠᠶᠢᠹᠤᠰᠧ ᠬᠤᠰᠢᠭᠤᠨ ᠤ | ᠲᠥᠯᠥᠭᠡᠯᠡᠭᠴᠢᠳ ᠤᠨ ᠠᠩᠭᠢ ᠬᠤᠶᠠᠳᠤᠭᠠᠷ ᠳᠡᠰ ᠤᠨ ᠱᠠᠩᠨᠠᠯ ᠬᠦᠷᠳᠡᠵᠡᠢ᠃ ᠡᠨᠡ ᠤᠳᠠᠭᠠᠨ ᠤ ᠤᠷᠤᠯᠳᠤᠭᠠᠨ ᠢ | ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠯᠢ ᠶᠢᠨ ᠭᠤᠤᠯ ᠠᠶᠢᠮᠠᠭ ᠤᠨ | ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠠᠴᠠ ᠭᠤᠤᠯᠯᠠᠨ ᠡᠷᠭᠢᠯᠡᠵᠦ᠂ | ᠰᠢᠯᠢ ᠶᠢᠨ ᠭᠤᠤᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠠᠴᠠ ᠬᠠᠪᠰᠤᠷᠤᠨ ᠡᠷᠬᠢᠯᠡᠭᠡᠳ᠂ ᠪᠥᠬᠦ | ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠠᠶᠢᠮᠠᠭ ᠤᠨ | ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠳᠠ ᠶᠢᠨ ᠵᠥᠪᠯᠡᠯ᠂ ᠰᠢᠯᠢ ᠶᠢᠨ ᠭᠤᠤᠯ ᠠᠶᠢᠮᠠᠭ ᠲᠤ | ᠰᠠᠭᠤᠭ᠎ᠠ ᠴᠡᠷᠢᠭ ᠴᠠᠭᠳᠠᠭ᠎ᠠ ᠶᠢᠨ ᠠᠩᠭᠢ ᠵᠡᠷᠭᠡ ᠠᠴᠠ ᠰᠣᠩᠭᠤᠨ ᠲᠣᠮᠢᠯᠠᠭᠰᠠᠨ 18 ᠲᠥᠯᠥᠭᠡᠯᠡᠭᠴᠢᠳ ᠤᠨ | ᠠᠩᠭᠢ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃ | | | |