ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠨ ᠪᠠᠭᠠᠰᠬᠠᠬᠤ ᠶᠢᠨ ᠲᠥᠯᠥᠭᠡ᠂ | 4 ᠰᠠᠷ᠎ᠠ ᠶᠢᠨ 15 ᠤ ᠡᠳᠦᠷ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ᠂ ᠬᠤᠩ | ᠱᠧᠩ ᠲᠣᠰᠬᠤᠨ ᠳᠤ ᠭᠦᠨᠵᠡᠭᠡᠶᠢᠷᠡᠵᠦ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠢᠵᠦ᠂ | ᠲᠣᠰᠬᠤᠨ ᠤ ᠠᠷᠠᠳ ᠲᠤ ᠲᠤᠰᠬᠠᠢ ᠮᠡᠷᠭᠡᠵᠢᠯ ᠤᠨ ᠠᠮᠤᠷ ᠲᠦᠪᠰᠢᠨ ᠤ ᠵᠢᠯᠣᠭᠤᠳᠣᠯᠭ᠎ᠠ ᠶᠢ ᠬᠦᠷᠭᠡᠪᠡ᠃ | ᠴᠠᠭᠳᠠᠭ᠎ᠠ ᠨᠠᠷ ᠲᠠᠷᠢᠶᠠᠨ ᠭᠠᠵᠠᠷ᠂ ᠵᠠᠮ ᠤᠨ ᠠᠮᠠ ᠵᠡᠷᠭᠡ ᠬᠦᠮᠦᠨ ᠬᠠᠷ᠎ᠠ ᠨᠡᠯᠢᠶᠡᠳ ᠲᠥᠪᠯᠡᠷᠡᠭᠰᠡᠨ ᠭᠠᠵᠠᠷ | ᠣᠷᠣᠨ ᠳᠤ ᠭᠦᠨᠵᠡᠭᠡᠶᠢᠷᠡᠵᠦ᠂ ᠲᠣᠰᠬᠤᠨ ᠤ ᠠᠷᠠᠳ᠂ ᠬᠥᠯᠥᠰᠥᠨ ᠠᠵᠢᠯᠴᠢᠳ ᠪᠣᠯᠤᠨ ᠢᠷᠡᠵᠦ ᠶᠠᠪᠤᠭ᠎ᠠ ᠮᠠᠰᠢᠨ | ᠤ ᠵᠢᠯᠣᠭᠤᠴᠢ ᠨᠠᠷ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠂ ᠲᠡᠷᠭᠡ ᠬᠦᠰᠭᠡᠨ ᠳᠡᠭᠡᠷ᠎ᠡ ᠨᠢ | ᠰᠡᠷᠡᠮᠵᠢᠯᠡᠬᠦᠯᠦᠯ ᠤᠨ ᠤᠷᠢᠶ᠎ᠠ ᠨᠠᠭᠠᠬᠤ᠂ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠦᠷᠨᠢᠬᠦᠯᠦᠨ᠂ ᠲᠠᠷᠢᠶᠠᠯᠠᠩ ᠳᠤ ᠬᠡᠷᠡᠭᠯᠡᠬᠦ ᠲᠡᠷᠭᠡ ᠪᠣᠯᠤᠨ ᠭᠤᠷᠪᠠᠨ | ᠬᠦᠷᠳᠦᠲᠦ ᠲᠡᠷᠭᠡᠨ ᠤ ᠬᠠᠤᠯᠢ ᠲᠦᠷᠢᠮ ᠠᠴᠠ ᠵᠥᠷᠢᠴᠡᠨ ᠬᠥᠮᠦᠨ ᠰᠠᠭᠤᠯᠭᠠᠬᠤ᠂ ᠠᠷᠢᠬᠢ ᠤᠤᠭᠤᠭᠠᠳ ᠲᠡᠷᠭᠡ | ᠵᠢᠯᠣᠭᠤᠳᠬᠤ᠂ ᠶᠠᠳᠠᠷᠠᠭ᠎ᠠ ᠲᠠᠢ ᠲᠡᠷᠭᠡ ᠵᠢᠯᠣᠭᠤᠳᠬᠤ᠂ ᠬᠥᠮᠦᠨ ᠪᠠᠷᠠᠭ᠎ᠠ ᠶᠢ ᠬᠠᠮᠳᠤ ᠳᠤᠨᠢ ᠲᠡᠭᠡᠬᠡᠬᠦ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠦᠨᠳᠦ ᠨᠣᠴᠢᠲᠠᠶ ᠦᠷ᠎ᠡ ᠳ᠋ᠦᠩ ᠢ ᠭᠤᠣᠯᠳᠠᠯᠭ᠎ᠠ ᠲᠠᠢ | ᠲᠠᠶᠢᠯᠪᠤᠷᠢᠯᠠᠵᠤ᠂ ᠤᠯᠠᠨ ᠲᠦᠮᠡᠨ ᠢ ᠵᠠᠮ ᠬᠠᠷᠢᠯᠴᠠᠭᠠᠨ ᠤ ᠠᠮᠤᠷ ᠲᠦᠪᠰᠢᠨ ᠢ ᠴᠢᠬᠤᠯᠠᠴᠢᠯᠠᠨ᠂ ᠵᠠᠮ | ᠬᠠᠷᠢᠯᠴᠠᠭᠠᠨ ᠤ ᠮᠠᠭᠤ ᠳᠠᠳᠬᠠᠯ ᠢᠶᠠᠨ ᠲᠠᠶᠠᠭᠳᠠᠬᠤ ᠭᠡᠷᠡᠭᠳᠡᠢ ᠬᠡᠵᠦ ᠤᠬᠠᠭᠤᠯᠤᠭᠰᠠᠨ ᠪᠠᠶᠢᠨ᠎ᠠ᠃ ᠡᠨᠡ | ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ 200 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ | ᠲᠠᠷᠬᠠᠭᠠᠵᠤ᠂ ᠤᠬᠠᠭᠤᠯᠭ᠎ᠠ ᠶᠢᠨ ᠬᠡᠮᠴᠢᠶᠡ ᠨᠢ 500 ᠭᠠᠷᠤᠶ ᠬᠥᠮᠦᠨ ᠤᠳᠠᠭ᠎ᠠ ᠶᠢ ᠬᠠᠮᠤᠷᠤᠭᠠᠳ᠂ ᠲᠠᠷᠢᠶᠠᠴᠢᠳ | ᠪᠠ ᠵᠢᠯᠣᠭᠤᠴᠢ ᠨᠠᠷ ᠤᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠲᠡᠭᠡᠭᠰᠢᠯᠡᠬᠦᠯᠵᠡᠢ᠃ ᠳᠠᠷᠠᠭᠠᠴᠢ ᠪᠠᠷ᠂ | ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠶᠡᠭᠡ ᠠᠩᠭᠢ ᠨᠢ ︽ ᠭᠠᠴᠠᠭ᠎ᠠ ᠲᠤᠰᠬᠤᠨ᠂ ᠠᠶᠢᠯ ᠡᠷᠦᠭᠡ᠂ ᠲᠠᠷᠢᠶᠠᠨ ᠭᠠᠵᠠᠷ ᠲᠤ ᠬᠦᠷᠬᠦ︾ ᠵᠠᠮ | ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠤᠬᠠᠭᠤᠯᠭ᠎ᠠ ᠶᠢᠨ ᠬᠡᠯᠪᠡᠷᠢ ᠶᠢ ᠰᠢᠨᠡᠴᠢᠯᠡᠨ᠂ ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠬᠵᠢᠭᠤᠯᠵᠤ᠂ | ᠤᠬᠠᠭᠤᠯᠭ᠎ᠠ ᠶᠢᠨ ᠪᠦᠷᠬᠦᠴᠡ ᠶᠢ ᠦᠷᠭᠡᠳᠭᠡᠨ᠂ ᠠᠮᠤᠷ ᠲᠦᠪᠰᠢᠨ ᠬᠠᠷᠰᠢ ᠰᠠᠭᠠᠳ ᠦᠭᠡᠢ ᠡᠷᠡᠬᠦᠯ ᠪᠣᠯᠪᠠᠰᠤᠨ | ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠢ ᠪᠤᠯᠭᠠᠵᠤ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠪᠠᠬᠢᠵᠢᠭᠦᠯᠬᠦ ᠪᠠᠷ ᠪᠠᠶᠢᠨ᠎ᠠ᠃ |