ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠡᠯ᠎ᠡ ᠲᠦᠷᠦᠯ ᠤᠨ | ᠠᠵᠢᠯ ᠤᠨ ᠳᠤᠮᠳᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 16 ᠤ ᠡᠳᠦᠷ | ᠲᠠᠶᠢᠹᠤᠰᠧ ᠬᠤᠰᠢᠭᠤᠨ ᠤ ᠰᠠᠯᠠᠭᠠᠨ ᠲᠡᠰ ᠤᠨ ᠤᠳᠤᠷᠢᠳᠬᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠬᠤᠰᠢᠭᠤ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠰᠤᠷᠤᠯᠭ᠎ᠠ ᠡᠬᠢᠯᠡᠬᠦ | ᠶᠣᠰᠣᠯᠠᠯ ᠳᠤ ᠣᠷᠣᠯᠴᠠᠭᠰᠠᠨ ᠪᠥᠭᠡᠳ ︽ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠡᠭᠦᠷᠭᠡ | ᠬᠠᠷᠢᠭᠤᠴᠠᠯᠭ᠎ᠠ ᠶᠢ ᠵᠣᠷᠢᠭᠲᠠᠶ ᠪᠠᠷ ᠡᠭᠦᠷᠭᠡᠯᠡᠵᠦ᠂ ᠤᠮᠠᠷᠠᠲᠤ ᠬᠢᠯᠢ ᠶᠢᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠬᠡᠮᠡᠬᠦ ᠰᠡᠳᠦᠪ ᠢᠶᠠᠷ ᠲᠤᠰᠬᠠᠶ | ᠰᠡᠳᠦᠪᠲᠦ ᠵᠢᠯᠣᠭᠤᠳᠣᠯᠭ᠎ᠠ ᠬᠢᠵᠡᠶ᠃ ᠬᠤᠷᠠᠯ ᠠᠴᠠ᠂ ᠰᠤᠷᠤᠯᠭ᠎ᠠ ᠳᠤ ᠤᠷᠤᠯᠴᠠᠭᠰᠠᠨ ᠤᠳᠤᠷᠢᠳᠬᠤ ᠺᠠᠳ᠋ᠷᠴᠤᠳ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ | ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠭᠤᠣᠯ ᠰᠢᠵᠢᠮ ᠤᠨ ᠤᠬᠠᠮᠰᠠᠷ ᠢ ᠡᠳᠦᠷ | ᠳᠤᠳᠤᠮ ᠤᠨ ᠠᠵᠢᠯ ᠳᠤ ᠠᠭᠤᠰᠤᠯᠴᠠᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ ᠂ ︽ᠵᠢᠷᠭᠤᠭᠠᠨ | ᠢᠨᠵᠧᠨᠧᠷᠢᠩ︾ ᠢ ᠭᠡᠷᠡᠭᠵᠢᠬᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠳᠤ ᠨᠡᠩ ᠶᠡᠭᠡ ᠤᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠭᠤᠷᠪᠠᠨ ᠡᠳᠦᠷ ᠤᠨ | ᠬᠤᠭᠤᠴᠠᠭ᠎ᠠ ᠲᠠᠢ ᠡᠨᠡ ᠤᠳᠠᠭᠠᠨ ᠤ ᠪᠣᠯᠪᠠᠰᠤᠷᠠᠯ ᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠠᠴᠠ ᠬᠠᠮᠲᠤᠷᠠᠨ ᠡᠷᠬᠢᠯᠡᠵᠡᠢ᠃ ᠪᠤᠯᠪᠠᠰᠤᠷᠠᠯ | ᠨᠢ ︽ᠰᠦᠯᠵᠢᠶᠡᠨ ᠭᠠᠳᠠᠨᠠᠬᠢ ᠬᠢᠴᠢᠶᠡᠯ + ᠰᠦᠯᠵᠢᠶᠡᠨ ᠤ ᠬᠢᠴᠢᠶᠡᠯ + ᠶᠠᠷᠢᠯᠴᠠᠭ᠎ᠠ ᠰᠤᠯᠢᠯᠴᠠᠭ᠎ᠠ︾ ᠶᠢᠨ | ᠠᠷᠭ᠎ᠠ ᠮᠠᠶ᠋ᠢᠭ ᠢᠶᠠᠷ ᠶᠠᠪᠤᠭᠳᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠤᠯ ᠰᠢᠵᠢᠮ ᠪᠤᠯᠭᠠᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠲᠠᠶᠢᠯᠤᠮᠵᠢ᠂ ᠱᠠᠰᠢᠨ ᠰᠤᠷᠲᠠᠬᠤᠨ ᠤ | ᠬᠠᠷᠢᠭᠤᠴᠠᠯᠭ᠎ᠠ ᠬᠢᠭᠡᠳ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠵᠡᠷᠭᠡ ᠠᠭᠤᠯᠭ᠎ᠠ ᠶᠢ ᠪᠠᠭᠳᠠᠭᠠᠭᠰᠠᠨ | ᠪᠠᠶᠢᠨ᠎ᠠ᠃ ᠪᠥᠬᠦ ᠬᠤᠰᠢᠭᠤᠨ ᠤ 90 ᠭᠠᠷᠤᠶ ᠰᠠᠯᠠᠭᠠᠨ ᠲᠠᠰ ᠤᠨ ᠤᠳᠤᠷᠢᠳᠬᠤ ᠺᠠᠳ᠋ᠷ ᠪᠣᠯᠪᠠᠰᠤᠷᠠᠯ ᠳᠤ | ᠣᠷᠣᠯᠴᠠᠪᠠ᠃ |