ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠵᠠᠯᠠᠭᠤ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ | ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 18 ᠤ ᠡᠳᠦᠷ ᠪᠤᠤᠴᠠᠩ | ᠪᠠᠯᠭᠠᠰᠤ ᠨᠢ ᠵᠠᠯᠠᠭᠤᠴᠤᠳ ᠤᠨ ᠣᠨᠣᠯ ᠰᠤᠷᠤᠯᠴᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠩᠬᠠᠳᠤᠭᠠᠷ | ᠤᠳᠠᠭᠠᠨ ᠤ ᠲᠦᠪᠯᠡᠷᠡᠭᠰᠡᠨ ᠰᠤᠷᠤᠯᠴᠠᠯᠭ᠎ᠠ ᠶᠢᠨ ᠬᠤᠷᠠᠯ ᠢ ᠡᠷᠬᠢᠯᠡᠵᠦ᠂ ᠨᠠᠮ ᠤᠨ ᠬᠤᠷᠢᠶᠠᠨ ᠤ ᠳᠡᠳ᠋ ᠱᠦᠵᠢ ᠵᠠᠩ | ᠸᠧᠨ ᠲᠤᠤ᠂ ᠳᠡᠳ᠋ ᠪᠠᠯᠭᠠᠰᠤᠨ ᠳᠠᠷᠤᠭ᠎ᠠ ᠯᠢᠦ ᠴᠦᠨ ᠵᠢᠶᠧ᠂ ᠯᠢᠦᠢ ᠸᠧᠨ ᠰᠢᠨ ᠬᠤᠷᠠᠯ ᠳᠤ ᠣᠷᠣᠯᠴᠠᠪᠠ᠃ | ᠬᠤᠷᠠᠯ ᠲᠡᠭᠡᠷ᠎ᠡ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ | ᠰᠠᠨᠠᠭᠠᠨ ᠤ ᠲᠦᠢᠮᠣᠴᠢᠯᠠᠯ︾ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ | ᠫᠢᠩ ᠤᠨ ᠥᠭᠦᠯᠡᠯᠲᠡ ᠶᠢᠨ ᠲᠡᠭᠦᠪᠦᠷᠢ︾ ᠵᠢᠴᠢ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠤᠱᠯᠠᠭᠤᠯᠬᠤ ᠮᠡᠳᠡᠯᠬᠡ ᠶᠢᠨ ᠭᠠᠷ ᠠᠪᠤᠯᠭ᠎ᠠ︾ ᠶᠢᠨ ᠬᠡᠰᠡᠭ ᠪᠦᠯᠦᠭ | ᠠᠭᠤᠯᠭ᠎ᠠ ᠶᠢ ᠰᠤᠷᠤᠯᠴᠠᠵᠤ᠂ ᠪᠦᠬᠦ ᠪᠠᠯᠭᠠᠰᠤᠨ ᠤ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠤᠨ | ᠭᠤᠣᠯᠳᠠᠯᠭ᠎ᠠ ᠲᠠᠢ ᠰᠤᠷᠤᠯᠴᠠᠯᠭ᠎ᠠ ᠶᠢᠨ ᠡᠭᠦᠷᠭᠡ ᠶᠢ ᠪᠠᠶᠢᠷᠢᠯᠠᠭᠤᠯᠵᠠᠢ᠃ ᠬᠤᠷᠠᠯ ᠠᠴᠠ᠂ ᠵᠠᠯᠠᠭᠤ ᠨᠠᠮ ᠤᠨ | ᠭᠡᠰᠢᠭᠦᠨ ᠺᠠᠳ᠋ᠷᠴᠤᠳ ᠨᠢ ᠪᠦᠬᠦ ᠪᠠᠯᠭᠠᠰᠤᠨ ᠤ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠦᠴᠦᠨ | ᠪᠤᠯᠤᠭᠰᠠᠨ ᠤ ᠬᠤᠪᠢ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ | ᠰᠤᠷᠤᠯᠴᠠᠯᠭ᠎ᠠ ᠬᠥᠮᠦᠵᠢᠯ ᠤᠨ ᠲᠠᠯ᠎ᠠ ᠪᠠᠷ ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠤᠨᠤᠯ | ᠤᠨ ᠵᠡᠪᠰᠡᠭᠯᠡᠯ ᠢ ᠴᠢᠩᠭᠠᠳᠬᠠᠵᠤ᠂ ᠲᠥᠪᠯᠡᠷᠡᠨ ᠰᠤᠷᠤᠯᠴᠠᠬᠤ ᠪᠠ ᠦᠪᠡᠷᠳᠡᠭᠡᠨ ᠰᠤᠷᠤᠯᠴᠠᠬᠤ ᠪᠠᠷ ᠲᠠᠮᠵᠢᠭᠠᠳ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠨ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠤᠶᠤᠨ ᠲᠠᠷᠢᠬᠢᠨ ᠳᠠᠭᠠᠨ ᠬᠠᠳᠠᠩᠰᠢᠭᠤᠯᠵᠤ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠬᠢ ᠵᠥᠷᠢᠶ᠎ᠡ ᠲᠤᠳᠠᠭᠳᠠᠯ ᠢᠶᠠᠨ ᠨᠦᠬᠦᠵᠦ ᠵᠠᠯᠠᠷᠠᠭᠤᠯᠬᠤ ᠬᠡᠷᠡᠭᠲᠡᠢ | ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠥᠳᠥᠭᠡᠯᠭᠡ ᠶᠢ ᠡᠰᠡᠷᠭᠦᠴᠡᠨ᠂ | ᠰᠠᠬᠢᠯᠭ᠎ᠠ ᠲᠦᠷᠢᠮ ᠢ ᠰᠠᠬᠢᠵᠤ᠂ ︽ᠨᠠᠢᠮᠠᠨ ᠴᠠᠭ ᠤᠨ ᠲᠤᠳᠤᠷᠠᠬᠢ︾ ᠠᠵᠢᠯ ᠤᠨ ᠰᠠᠬᠢᠯᠭ᠎ᠠ ᠪᠠᠲᠤ ᠶᠢ | ᠵᠢᠷᠤᠮᠯᠠᠭᠰᠠᠨ ᠰᠠᠭᠤᠷᠢᠨ ᠳᠡᠭᠡᠷ᠎ᠡ ︽ᠨᠠᠢᠮᠠᠨ ᠴᠠᠭ ᠤᠨ ᠭᠠᠳᠠᠨᠠᠬᠢ︾ ᠠᠮᠢᠳᠤᠷᠠᠯ ᠤᠨ ᠱᠠᠭᠠᠷᠳᠠᠯᠭ᠎ᠠ ᠶᠢ ᠨᠡᠩ | ᠴᠢᠩᠭ᠎ᠠ ᠰᠠᠬᠢᠵᠤ᠂ ᠰᠡᠳᠬᠢᠯ ᠳᠡᠭᠡᠨ ᠪᠢᠰᠢᠷᠡᠨ ᠵᠢᠷᠦᠬᠡᠰᠢᠶᠡᠬᠦ᠂ ᠦᠭᠡ ᠬᠡᠯᠡᠬᠦ ᠳᠡᠭᠡᠨ ᠬᠡᠮᠵᠢᠶ᠎ᠡ ᠲᠠᠢ᠂ ᠠᠵᠢᠯ ᠬᠢᠬᠦ | ᠳᠡᠭᠡᠨ ᠴᠡᠭᠡᠷᠯᠡᠯ ᠲᠠᠢ ᠪᠠᠶᠢᠬᠤ ᠬᠡᠷᠡᠭᠲᠡᠢ᠃ ᠭᠤᠷᠪᠠ ᠳᠤ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ | ᠦᠢᠯᠡᠴᠢᠯᠡᠬᠦ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ᠡᠮᠦᠨ᠎ᠡ ᠹᠷᠣᠨᠲ ᠲᠤ ᠬᠦᠨᠵᠡᠬᠡᠶᠢᠷᠡᠨ᠂ ᠦᠨᠳᠦᠰᠦᠨ | ᠱᠠᠲᠤᠨ ᠳᠤ ᠦᠢᠯᠡᠴᠢᠯᠡᠵᠤ᠂ ᠦᠨᠡᠨ ᠡᠷᠳᠡᠮ ᠵᠢᠩᠬᠢᠨᠢ ᠴᠢᠳᠠᠪᠤᠷᠢ ᠶᠢ ᠰᠠᠶᠢᠲᠤᠷ ᠰᠤᠷᠤᠯᠴᠠᠨ ᠰᠠᠶᠢᠳᠤᠷ ᠬᠡᠷᠡᠭᠯᠡᠵᠦ | ︽ ᠶᠠᠪᠤᠳᠠᠯ ᠪᠦᠬᠦᠨ ᠳᠤ ᠬᠠᠷᠢᠭᠤᠯᠲᠠ ᠲᠠᠢ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠳᠠ ᠲᠠᠢ︾ ᠪᠠᠶᠢᠯᠭᠠᠬᠤ | ᠠᠵᠢᠯ ᠤᠨ ᠰᠤᠷᠲᠠᠯ ᠢ ᠪᠤᠯᠪᠠᠰᠤᠷᠠᠭᠤᠯᠤᠨ᠂ ᠪᠦᠬᠦ ᠪᠠᠯᠭᠠᠰᠤᠨ ᠤ ᠡᠯ᠎ᠡ ᠲᠦᠷᠦᠯ ᠤᠨ ᠠᠵᠢᠯ ᠦᠢᠯᠡᠰ ᠢ | ᠬᠦᠭᠵᠢᠬᠦᠯᠬᠦ ᠦᠢᠯᠡᠳᠦᠯᠭᠡ ᠶᠢᠨ ᠳᠤᠮᠳᠠ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠪᠠᠷ ᠴᠢᠷᠮᠠᠶᠢᠬᠤ | ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |