4 ᠰᠠᠷ᠎ᠠ ᠶᠢᠨ 21 ᠤ ᠡᠳᠦᠷ᠂ ᠴᠢᠶᠠᠨ ᠶᠢᠨ ᠭᠸᠤ ᠪᠠᠯᠭᠠᠰᠤ ᠨᠠᠮ ᠤᠨ ᠬᠤᠷᠢᠶᠠᠨ ︵ᠥᠷᠭᠡᠳᠬᠡᠭᠰᠡᠨ︶ ᠤ | ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠥᠳᠡᠭᠡ ᠲᠣᠰᠬᠤᠨ ᠤ ᠦᠨᠳᠦᠰᠦᠨ ᠱᠠᠲᠤᠨ ᠤ | ᠺᠠᠳ᠋ᠷ ᠤᠨ ᠠᠷᠢᠭᠤᠨ ᠴᠢᠬᠡᠴᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾᠂ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠠᠤᠯᠢ ᠲᠦᠷᠢᠮ ᠤᠨ | ᠲᠠᠰᠤᠭ ᠤᠨ ᠬᠠᠷᠢᠭᠤᠴᠠᠯᠭᠠᠲᠠᠨ ᠤ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ | ᠴᠢᠬᠡᠴᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾ ᠤᠨ ᠲᠤᠬᠠᠢ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠤᠭᠰᠠᠨ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ ᠪᠠᠯᠭᠠᠰᠤᠨ ᠤ ᠤᠳᠤᠷᠢᠳᠬᠤ | ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ ᠬᠤᠷᠠᠯ ᠠᠴᠠ | ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠲᠣᠭᠲᠠᠭᠠᠯ︾ ᠢ ᠲᠤᠤᠱᠯᠠᠭᠤᠯᠤᠨ ᠬᠡᠷᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ︽ | ᠲᠤᠭᠳᠠᠭᠠᠯ︾ ᠢ ᠭᠦᠨᠵᠡᠭᠡᠶ ᠰᠤᠷᠤᠯᠴᠠᠨ ᠤᠬᠠᠭᠤᠯᠵᠤ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ | ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠲᠠᠯ᠎ᠠ ᠪᠠᠷ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ | ᠰᠢᠢᠳᠪᠦᠷᠢᠯᠡᠵᠦ᠂ ︽ᠲᠣᠭᠲᠠᠭᠠᠯ︾ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ | ᠪᠠᠶᠢᠴᠠᠭᠠᠬᠤ ᠪᠠᠨ ᠴᠢᠩᠭᠠᠳᠬᠠᠵᠤ᠂ ︽ᠲᠣᠭᠲᠠᠭᠠᠯ︾ ᠢ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ | ᠵᠠᠯᠠᠷᠠᠭᠤᠯᠬᠤ ᠶᠢᠨ ᠬᠠᠮᠲᠤ ᠴᠢᠩᠭ᠎ᠠ ᠰᠢᠢᠳᠪᠦᠷᠢᠯᠡᠨ᠂ ︽ᠲᠣᠭᠲᠠᠭᠠᠯ︾ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠦᠨᠡᠨᠬᠦ ᠪᠠᠳᠤᠯᠠᠬᠤ ᠭᠡᠷᠡᠭᠳᠡᠢ᠃ ᠥᠷᠭᠡᠨ ᠣᠯᠠᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ | ᠡᠷᠭᠡᠪᠰᠢ ︽ᠲᠣᠭᠲᠠᠭᠠᠯ︾ ᠢ ᠬᠢᠨᠠᠮᠠᠭᠠᠶ ᠬᠡᠷᠡᠭᠵᠢᠭᠦᠯᠵᠦ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠨ᠂ ︽ | ᠲᠣᠭᠲᠠᠭᠠᠯ︾ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ ᠬᠡᠵᠦ | ᠴᠢᠬᠤᠯᠠᠴᠢᠯᠠᠭᠰᠠᠨ ᠪᠠᠶᠢᠨ᠎ᠠ᠃ |