ᠲᠠᠶᠢᠹᠤᠰᠧ ᠬᠤᠰᠢᠭᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2025/4/23
    4 ᠰᠠᠷ᠎ᠠ ᠶᠢᠨ 21 ᠤ ᠡᠳᠦᠷ᠂ ᠪᠥᠬᠦ ᠬᠤᠰᠢᠭᠤᠨ ᠤ 2025 ᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ 2024 ᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠳᠤ ᠳ᠋ᠦᠩᠨᠡᠯᠳᠡ ᠬᠢᠭᠰᠡᠨ ᠤ ᠬᠠᠮᠲᠤ 2025 ᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠣᠷᠣᠨ ᠤ ᠳᠣᠲᠣᠷ᠎ᠠ ᠭᠠᠳᠠᠨᠠᠬᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ  ᠲᠡᠭᠡᠭᠰᠢᠯᠡᠬᠦᠯᠦᠨ᠂ ᠦᠵᠡᠯ ᠰᠠᠨᠠᠭ᠎ᠠ ᠲᠠᠨᠢᠯᠲᠠ ᠪᠠᠨ ᠨᠡᠮᠡᠭᠳᠡᠬᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠶ ᠣᠶᠢᠯᠠᠭᠠᠬᠤ ᠬᠡᠷᠡᠭᠲᠡᠶ᠃ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠬᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠤᠷᠢᠳᠠᠴᠢ ᠬᠢᠨᠠᠨ ᠪᠠᠶᠢᠴᠠᠭᠠᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠢᠯᠭᠠᠨ ᠲᠠᠨᠢᠬᠤ ᠪᠠ ᠬᠠᠮᠠᠭᠠᠯᠠᠵᠤ ᠬᠠᠮᠢᠶᠠᠷᠬᠤ ᠠᠵᠢᠯ ᠢ ᠰᠠᠶᠢᠨ ᠬᠢᠵᠦ᠂ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ︽ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ︾ ᠢ  ᠦᠵᠡᠬᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢᠨ ᠤᠬᠠᠭᠤᠯᠭ᠎ᠠ  ᠶᠢᠨ ᠲᠡᠪᠳᠡᠷ ᠢ ᠲᠠᠷᠬᠠᠭᠠᠪᠠ᠃ ᠤᠬᠠᠭᠤᠯᠭ᠎ᠠ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ 18 ᠰᠠᠯᠠᠭ᠎ᠠ ᠮᠥᠴᠢᠷ ᠪᠠ ᠬᠠᠮᠢᠶ᠎ᠠ ᠪᠦᠬᠦᠢ ᠠᠵᠤ ᠠᠬᠤᠶᠢᠯᠠᠯ ᠤᠨ ᠬᠢᠨ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号