ᠲᠠᠶᠢᠹᠤᠰᠧ ᠬᠤᠰᠢᠭᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2025/4/23
    ︽ᠳᠡᠯᠡᠬᠡᠶ ᠶᠢᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠡᠳᠦᠷ︾ ᠬᠦᠷᠴᠦ ᠢᠷᠡᠬᠦ ᠲᠠᠰᠢᠷᠠᠮ ᠳᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠢᠶ᠎ᠠ ᠪᠥᠬᠦᠶ ᠮᠡᠳᠡᠯᠭᠡ ᠶᠢ ᠤᠯᠠᠮ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 22 ᠤᠨ ᠡᠳᠦᠷ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠪᠠ ᠵᠣᠬᠢᠶᠠᠮᠠᠯ ᠣᠶᠤᠨ ᠴᠢᠳᠠᠪᠤᠷᠢ︾ ᠪᠠᠷ ᠭᠤᠤᠯ ᠰᠡᠳᠦᠪ ᠪᠣᠯᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃  ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠪᠢᠴᠢᠭᠡᠰᠦ ᠡᠯᠬᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠵᠠᠷᠯᠠᠯ ᠨᠠᠭᠠᠬᠤ ᠵᠡᠷᠭᠡ ᠠᠷᠭ᠎ᠠ ᠬᠡᠯᠪᠡᠷᠢ ᠪᠠᠷ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠢ ᠵᠢᠯᠣᠭᠤᠳᠴᠤ ᠪᠠᠶᠢᠭᠠᠳ ᠰᠢᠨ᠎ᠡ ᠶᠢ ᠡᠭᠦᠳᠬᠦ ᠤᠢᠢᠯᠠᠭᠠᠭᠳᠠᠬᠤᠨ ᠢ ᠪᠤᠢ ᠪᠤᠯᠭᠠᠨ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠦᠨᠳᠦᠳᠬᠡᠨ ᠬᠠᠮᠠᠭᠠᠯᠠᠬᠤ ᠤᠬᠠᠮᠰᠠᠷ ᠲᠠᠨᠢᠯᠳᠠ ᠶᠢ ᠨᠡᠮᠡᠭᠳᠡᠬᠦᠯᠦᠭᠰᠡᠨ ᠪᠠᠶᠢᠨ᠎ᠠ᠃  ᠳᠠᠷᠠᠭ᠎ᠠ ᠨᠢ ᠠᠵᠢᠯᠲᠠᠳ ᠬᠤᠰᠢᠭᠤᠨ ᠤ ᠳᠣᠲᠣᠷᠠᠬᠢ ᠬᠡᠰᠡᠭ ᠠᠵᠤ ᠠᠬᠤᠶᠢᠯᠠᠯ ᠪᠤᠯᠤᠨ ᠨᠡᠶᠢᠭᠡᠮ ᠲᠣᠭᠤᠷᠢᠭ᠂ ᠡᠮ ᠤᠨ ᠫᠦᠰᠡ᠂  ᠳᠡᠯᠭᠡᠭᠦᠷ ᠬᠤᠳᠠᠯᠳᠤᠭ᠎ᠠ ᠪᠠᠷ ᠬᠦᠨᠵᠡᠬᠡᠶᠢᠷᠡᠵᠦ᠂ ᠶᠠᠷᠢᠯᠴᠠᠬᠤ ᠬᠤᠷᠠᠯ ᠤᠨ ᠬᠡᠯᠪᠡᠷᠢ ᠪᠠᠷ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠲᠤᠬᠠᠢ ᠤᠬᠠᠭᠤᠯᠭ᠎ᠠ ᠪᠠ ᠵᠢᠯᠤᠭᠤᠳᠤᠯᠭ᠎ᠠ ᠬᠢᠵᠡᠢ᠃ ᠡᠨᠡ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ᠣᠯᠠᠨ ᠨᠡᠶᠢᠲᠡ ᠳᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠢᠶᠠᠳᠠᠢ ᠮᠡᠳᠡᠯᠭᠡ ᠶᠢ ᠲᠦᠭᠡᠮᠡᠯᠵᠢᠭᠦᠯᠬᠦ ᠪᠠᠷ ᠪᠠᠷᠠᠬᠤ ᠥᠬᠡᠶ ᠨᠠᠩ ᠣᠯᠠᠨ ᠨᠠᠷᠢᠯᠢᠭ ᠣᠨᠣᠴᠠᠲᠠᠶ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠷ ᠲᠠᠮᠵᠢᠭᠠᠳ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠭᠤᠣᠯᠯᠠᠭᠴᠢ ᠥᠷᠢᠰᠦᠯᠳᠦᠬᠦ ᠬᠦᠴᠦᠨ ᠪᠣᠯᠭᠠᠬᠤ ᠶᠢᠨ ᠲᠦᠯᠦᠭᠡ ᠶᠤᠮ᠃  ᠲᠠᠷᠠᠭᠠᠴᠢ ᠪᠠᠷ᠂ ᠲᠠᠶᠢᠹᠤᠰᠧ ᠬᠤᠰᠢᠭᠤᠨ ᠤ ᠬᠢᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠤᠬᠠᠭᠤᠯᠭ᠎ᠠ ᠶᠢ ︽ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂  ᠦᠮᠴᠢᠯᠡᠯ ᠤᠨ ᠡᠷᠬᠡ ᠳᠤ ᠬᠠᠯᠳᠠᠨ ᠬᠠᠭᠤᠷᠮᠠᠭ ᠮᠠᠭᠤ ᠲᠠᠸᠠᠷ ᠦᠢᠯᠡᠳᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂  ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠥᠳᠡᠯᠭᠡᠬᠦ ᠬᠦᠴᠦᠨ  ᠨᠡᠮᠡᠷᠢᠯᠡᠬᠦ  ᠪᠠᠷ ᠪᠠᠶᠢᠨ᠎ᠠ᠃ ︵
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号