ᠶᠡᠷᠦᠩᠬᠡᠢ ᠪᠠᠶᠢᠳᠠᠯ — | 2024 ᠣᠨ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 67. | 1 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 5.1% ᠪᠠᠷ ᠨᠡᠮᠡᠭᠳᠡᠪᠡ᠃ ᠡᠭᠦᠨ ᠳᠤ᠂ | ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 19.5 ᠳ᠋ᠦᠩᠰᠢᠭᠤᠷ ᠲᠥᠭᠦᠷᠢᠭ ᠲᠤ ᠬᠦᠷᠴᠦ᠂ 5.2% ᠢᠶᠠᠷ | ᠨᠡᠮᠡᠭᠳᠡᠨ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 22.5 ᠳ᠋ᠦᠩᠰᠢᠭᠤᠷ ᠲᠥᠭᠦᠷᠢᠭ ᠲᠤ ᠬᠦᠷᠴᠦ᠂ | 8.0% ᠢᠶᠠᠷ ᠨᠡᠮᠡᠭᠳᠡᠨ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 25.1 ᠳ᠋ᠦᠩᠰᠢᠭᠤᠷ | ᠲᠥᠭᠦᠷᠢᠭ ᠲᠤ ᠬᠦᠷᠴᠦ᠂ 3.0% ᠢᠶᠠᠷ ᠨᠡᠮᠡᠭᠳᠡᠨ᠂ ᠭᠤᠷᠪᠠᠨ ᠠᠵᠤ ᠦᠢᠯᠡᠰ ᠤᠨ ᠬᠠᠷᠢᠴᠠᠯ ᠨᠢ 29.1᠄ 33. | 5᠄ 37.4 ᠪᠤᠯᠵᠤ᠂ ᠭᠤᠷᠪᠠᠨ ᠠᠵᠤ ᠦᠢᠯᠡᠰ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ ᠲᠤᠰ ᠲᠤᠰ 13.6%᠂ 64.7% ᠪᠠ 21.7% ᠪᠠᠶᠢᠭ᠎ᠠ᠃ | ᠬᠥᠮᠦᠨ ᠪᠦᠷᠢ ᠳᠤ ᠲᠡᠭᠰᠢᠳᠭᠡᠭᠰᠡᠨ ᠦᠢᠯᠡᠳᠪᠦᠷᠢᠯᠡᠯ ᠤᠨ ᠶᠡᠷᠦᠩᠬᠡᠶ ᠥᠷᠲᠡᠭ 61058 ᠲᠥᠭᠦᠷᠢᠭ ᠲᠤ ᠬᠦᠷᠴᠦ᠂ | ᠳᠡᠭᠡᠷ᠎ᠡ ᠵᠢᠯ ᠤᠨ ᠬᠢ ᠠᠴᠠ 5.4% ᠪᠠᠷ ᠨᠡᠮᠡᠭᠳᠡᠪᠡ᠃ ᠵᠢᠯ ᠤᠨ ᠡᠴᠦᠰ ᠲᠤ ᠪᠦᠬᠦ ᠬᠤᠰᠢᠭᠤᠨ ᠤ ᠡᠷᠦᠬᠡ | ᠠᠮᠠ ᠶᠢᠨ ᠳᠠᠩᠰᠠ ᠲᠠᠢ ᠬᠦᠮᠦᠨ ᠠᠮᠠ 19.78 ᠲᠦᠮᠡ ᠪᠠᠶᠢᠵᠤ᠂ ᠲᠡᠭᠡᠷ᠎ᠡ ᠵᠢᠯ ᠤᠨ ᠬᠢ ᠠᠴᠠ 0.10 ᠲᠦᠮᠡ | ᠬᠠᠰᠤᠭᠳᠠᠭᠰᠠᠨ ᠪᠠᠶᠢᠨ᠎ᠠ᠃ ᠡᠬᠦᠨ ᠳᠤ ᠬᠤᠳᠠ ᠪᠠᠯᠭᠠᠰᠤᠨ ᠤ ᠬᠦᠮᠦᠨ ᠠᠮᠠ 3.57 ᠲᠦᠮᠡ᠂ ᠬᠦᠳᠡᠭᠡ | ᠳᠤᠰᠬᠤᠨ ᠤ ᠬᠦᠮᠦᠨ ᠠᠮᠠ 16.21 ᠲᠦᠮᠡ᠂ ᠡᠷᠡᠭᠲᠡᠢ ᠬᠦᠮᠦᠨ 9.97 ᠲᠦᠮᠡ᠂ ᠡᠮᠡᠭᠲᠡᠢ ᠬᠦᠮᠦᠨ 9.81 | ᠲᠦᠮᠡ᠃ ᠪᠦᠬᠦ ᠵᠢᠯ ᠳᠤ ᠲᠦᠷᠦᠭᠰᠡᠨ ᠬᠦᠮᠦᠨ ᠠᠮᠠ 0.09 ᠲᠦᠮᠡ᠂ ᠳᠦᠷᠦᠯᠳᠡ ᠶᠢᠨ ᠨᠤᠷᠮ᠎ᠡ 4.32‰᠂ | ᠦᠬᠦᠭᠰᠡᠨ ᠬᠦᠮᠦᠨ ᠠᠮᠠ 0.15 ᠲᠦᠮᠡ ᠂ ᠦᠬᠦᠯ ᠤᠨ ᠨᠤᠷᠮ᠎ᠡ 7.40‰ ᠪᠠᠶᠢᠵᠤ᠂ ᠬᠦᠮᠦᠨ ᠠᠮᠠ ᠶᠢᠨ | ᠠᠶᠠᠨᠳᠠᠭᠠᠨ ᠨᠡᠮᠡᠭᠳᠡᠭᠰᠡᠨ ᠨᠤᠷᠮ᠎ᠡ -3.08‰ ᠪᠠᠶᠢᠭ᠎ᠠ᠃ ᠵᠢᠯ ᠤᠨ ᠡᠴᠦᠰ ᠲᠤ ᠪᠦᠬᠦ ᠬᠤᠰᠢᠭᠤᠨ ᠤ ᠪᠠᠶᠢᠩᠭᠤ | ᠰᠠᠭᠤᠭ᠎ᠠ ᠬᠦᠮᠦᠨ ᠠᠮᠠ 10.98 ᠲᠦᠮᠡ ᠪᠠᠶᠢᠵᠤ᠂ ᠲᠡᠭᠡᠷ᠎ᠡ ᠵᠢᠯ ᠤᠨ ᠡᠴᠦᠰ ᠠᠴᠠ 0.03 ᠲᠦᠮᠡ | ᠬᠠᠰᠤᠭᠳᠠᠪᠠ᠃ ᠡᠭᠦᠨ ᠳᠤ᠂ ᠬᠤᠲᠠ ᠪᠠᠯᠭᠠᠰᠤᠨ ᠤ ᠬᠥᠮᠦᠨ ᠠᠮᠠ 5.52 ᠲᠦᠮᠡ ᠪᠠᠶᠢᠵᠤ︔ ᠪᠠᠶᠢᠩᠭᠤ | ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 50.27% ᠳᠤ ᠬᠦᠷᠴᠦ᠂ ᠳᠡᠭᠡᠷ᠎ᠡ ᠵᠢᠯ ᠤᠨ | ᠡᠴᠦᠰ ᠠᠴᠠ 1.13 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠪᠦᠬᠦ ᠵᠢᠯ ᠳᠤ ᠬᠤᠲᠠ ᠪᠠᠯᠭᠠᠰᠤᠨ ᠤ 604 | ᠬᠥᠮᠥᠨ ᠰᠢᠨ᠎ᠡ ᠪᠠᠷ ᠠᠵᠢᠯ ᠣᠯᠵᠤ᠂ ᠲᠡᠭᠡᠷ᠎ᠡ ᠵᠢᠯ ᠤᠨ ᠬᠢ ᠠᠴᠠ 231 ᠬᠥᠮᠥᠨ ᠬᠠᠰᠤᠭᠳᠠᠵᠠᠢ᠃ ᠪᠦᠬᠦ ᠵᠢᠯ ᠳᠤ | 38380 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ 354 ᠠᠵᠢᠯ | ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 413 ᠬᠥᠮᠦᠨ ᠳᠤ ᠠᠵᠢᠯ | ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ 282 ᠬᠥᠮᠦᠨ ᠳᠤ ᠠᠵᠢᠯ ᠣᠯᠭᠤᠪᠠ᠃ |