ᠬᠦᠳᠡᠭᠡ ᠠᠵᠤ ᠠᠬᠤᠢ — | ᠪᠦᠬᠦ ᠵᠢᠯ ᠤᠨ ᠠᠮᠤ ᠪᠤᠳᠠᠭ᠎ᠠ ᠲᠠᠷᠢᠭᠰᠠᠨ ᠲᠠᠯᠠᠪᠠᠢ 61593.1 ᠾᠧᠺᠲ᠋ᠠᠷ ᠪᠠᠶᠢᠵᠤ᠂ ᠲᠡᠭᠡᠷ᠎ᠡ | ᠵᠢᠯ ᠤᠨ ᠬᠢ ᠠᠴᠠ 4.7% ᠪᠠᠷ ᠨᠡᠮᠡᠭᠳᠡᠪᠡ᠃ ᠡᠭᠦᠨ ᠳᠤ᠂ ᠪᠤᠭᠤᠳᠠᠢ ᠨᠠᠷᠢᠮᠤ ᠶᠢᠨ ᠲᠦᠷᠦᠯ 26449.2 | ᠾᠧᠺᠲ᠋ᠠᠷ ᠪᠠᠶᠢᠵᠤ᠂ 17.5% ᠪᠠᠷ ᠪᠠᠭᠤᠷᠠᠨ᠂ ᠪᠤᠷᠴᠠᠭ ᠤᠨ ᠲᠥᠷᠥᠯ 852.14 ᠾᠧᠺᠲ᠋ᠠᠷ ᠪᠠᠶᠢᠵᠤ᠂ 95. | 4% ᠪᠠᠷ ᠨᠡᠮᠡᠭᠳᠡᠨ᠂ ᠲᠦᠮᠦᠰᠦᠨ ᠤ ᠲᠥᠷᠥᠯ ᠤᠨ ᠳᠠᠷᠢᠬᠤ ᠲᠠᠯᠠᠪᠠᠶ 34291.8 ᠾᠧᠺᠲ᠋ᠠᠷ ᠪᠠᠶᠢᠵᠤ᠂ 30. | 0% ᠪᠠᠷ ᠨᠡᠮᠡᠭᠳᠡᠪᠡ᠃ ᠠᠮᠤ ᠪᠤᠳᠠᠭᠠᠨ ᠤ ᠶᠡᠷᠦᠩᠬᠡᠢ ᠤᠨᠠᠯᠲᠠ 268394.3 ᠲᠣᠨ ᠳᠤ ᠬᠦᠷᠴᠦ᠂ ᠲᠡᠭᠡᠷ᠎ᠡ | ᠵᠢᠯ ᠤᠨ ᠬᠢ ᠠᠴᠠ 19.2% ᠪᠠᠷ ᠨᠡᠮᠡᠭᠳᠡᠪᠡ᠃ ᠡᠭᠦᠨ ᠳᠤ᠂ ᠪᠤᠭᠤᠳᠠᠢ ᠨᠠᠷᠢᠮᠤ ᠶᠢᠨ ᠲᠦᠷᠦᠯ ᠤᠨ ᠶᠡᠷᠦᠩᠬᠡᠢ | ᠤᠨᠠᠯᠲᠠ 47171.2 ᠲᠣᠨ ᠪᠠᠶᠢᠵᠤ᠂ 9.51% ᠪᠠᠷ ᠪᠠᠭᠤᠷᠠᠨ︔ ᠪᠤᠷᠴᠠᠭ ᠤᠨ ᠲᠦᠷᠦᠯ ᠤᠨ ᠶᠡᠷᠦᠩᠬᠡᠢ | ᠤᠨᠠᠯᠲᠠ 1679.7 ᠲᠣᠨ ᠪᠠᠶᠢᠵᠤ᠂ 116.8% ᠪᠠᠷ ᠨᠡᠮᠡᠭᠳᠡᠨ︔ ᠲᠦᠮᠦᠰᠦᠨ ᠤ ᠲᠦᠷᠦᠯ ︵ᠠᠮᠤ | ᠪᠤᠳᠠᠭ᠎ᠠ ᠪᠠᠷ ᠨᠤᠭᠤᠯᠤᠨ ᠪᠤᠳᠤᠪᠠ︶ ᠶᠡᠷᠦᠩᠬᠡᠢ ᠤᠨᠠᠯᠲᠠ 219543.4 ᠲᠣᠨ ᠪᠠᠶᠢᠵᠤ᠂ 27.5% ᠪᠠᠷ | ᠨᠡᠮᠡᠭᠳᠡᠪᠡ᠃ ᠵᠢᠯ ᠤᠨ ᠡᠴᠦᠰ ᠲᠤ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ | ᠶᠡᠷᠦᠩᠬᠡᠢ ᠬᠦᠳᠡᠯᠭᠡᠭᠴᠢ ᠬᠦᠴᠦ 41.92 ᠲᠦᠮᠡᠨ ᠺᠢᠯᠤᠸᠠᠲ ᠳᠤ ᠬᠦᠷᠴᠦ᠂ ᠲᠡᠭᠡᠷ᠎ᠡ ᠵᠢᠯ ᠤᠨ ᠡᠴᠦᠰ ᠠᠴᠠ 9. | 6% ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ | 3598.25 ᠲᠦᠮᠡᠨ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 5.9% ᠪᠠᠷ ᠨᠡᠮᠡᠭᠳᠡᠵᠡᠢ᠃ |